lt
ᠬᠢᠴᠢᠶᠡᠯᠯᠡᠭᠡ ᠶᠢᠨ ᠰᠢᠩᠭᠡᠭᠡᠯᠲᠡ
ᠵᠠᠯᠠᠭᠤ ᠪᠠᠭᠰᠢᠨᠠᠷ ᠲᠤ ᠪᠠᠨ ᠥᠭᠬᠦ ᠵᠥᠪᠯᠡᠮᠵᠢ
2016.06.29 ᠲᠣᠰ ᠥᠷᠲᠡᠭᠡᠨ ᠦ ᠨᠠᠢᠷᠠᠭᠤᠯᠤᠭᠴᠢ

ᠵᠢᠭᠠᠨ ᠰᠤᠷᠭᠠᠯᠲᠠ ᠶᠢᠨ ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠡᠭᠦᠯᠤᠶ᠎ᠠ ᠭᠡᠪᠡᠯ ᠂ ᠡᠷᠬᠡᠪᠰᠢ ᠰᠤᠷᠤᠭᠴᠢ ᠶᠢᠨ ᠤᠷᠮ᠎ᠠ ᠪᠠᠬ᠎ᠠ ᠶᠢ ᠬᠥᠭᠵᠢᠭᠦᠯᠬᠦ ᠬᠡᠷᠡᠭᠲᠡᠢ ᠂ ᠰᠤᠷᠤᠭᠴᠢ ᠶᠢᠨ ᠤᠷᠮ᠎ᠠ ᠪᠠᠬ᠎ᠠ ᠢ ᠬᠦᠭᠵᠢᠬᠡᠬᠦ ᠳᠤ ᠳᠣᠣᠷᠠᠬᠢ ᠬᠡᠳᠦᠨ ᠵᠦᠢᠯ ᠢ ᠠᠩᠬᠠᠷᠪᠠᠯ ᠵᠣᠬᠢᠰᠲᠠᠢ ᠭᠡᠵᠦ ᠦᠵᠡᠵᠦ ᠪᠠᠢᠨ᠎ᠠ ᠃

ᠨᠢᠭᠡ ᠂ ᠪᠠᠭᠰᠢ ᠵᠢᠭᠠᠨ ᠰᠤᠷᠭᠠᠯᠲᠠ ᠶᠢᠨ ᠠᠷᠭ᠎ᠠ ᠪᠠᠨ ᠤᠯᠠᠨ ᠶᠠᠩᠵᠤ ᠪᠠᠢᠯᠠᠭᠠᠬᠤ ᠳᠤ ᠪᠠᠨ ᠰᠤᠷᠤᠭᠴᠢᠳ ᠲᠤ ᠲᠣᠬᠢᠷᠠᠭᠰᠠᠨ ᠵᠢᠭᠠᠨ ᠰᠤᠷᠭᠠᠯᠲᠠ ᠶᠢ ᠬᠠᠢᠨ ᠰᠦᠪᠡᠭᠴᠢᠯᠡᠬᠦ ᠳᠤ ᠬᠦᠴᠦ ᠵᠠᠷᠤᠴᠠᠭᠤᠯᠬᠤ ᠬᠡᠷᠡᠭᠲᠡᠢ ᠃ ᠵᠢᠱᠢᠶᠡᠯᠡᠪᠡᠯ ᠄ ᠵᠢᠭᠠᠨ ᠰᠤᠷᠭᠠᠯᠲᠠ ᠳᠤ ᠪᠠᠨ ᠪᠢᠲᠡᠭᠡᠢ ᠪᠤᠰᠤᠳ ᠤᠨ ᠠᠷᠭ᠎ᠠ ᠶᠢ ᠬᠡᠪᠰᠢᠮᠡᠯ ᠢᠶᠠᠷ ᠳᠠᠭᠤᠷᠢᠶᠠᠵᠤ ᠪᠣᠯᠬᠤ ᠦᠭᠡᠢ ᠃ ᠥᠪᠡᠷ ᠤᠨ ᠵᠢᠭᠠᠨ ᠰᠤᠷᠭᠠᠯᠲᠠ ᠶᠢᠨ ᠶᠠᠪᠤᠴᠠ ᠳᠤ ᠪᠠᠨ ᠶᠠᠪᠤᠴᠠ ᠳᠤ ᠵᠣᠬᠢᠰᠲᠠᠢ ᠰᠡᠩᠭᠡᠷᠡᠬᠦᠯᠤᠨ ᠵᠢᠯᠤᠭᠤᠳᠬᠤ ᠶᠢ ᠬᠠᠪᠰᠤᠷᠭᠠᠨ᠂ ᠰᠤᠷᠤᠭᠴᠢ ᠶᠢ ᠭᠦᠳᠤᠯᠤᠨ ᠰᠡᠳᠭᠢᠬᠦᠢ ᠶᠢ ᠬᠥᠭᠵᠢᠭᠦᠯᠬᠦ ᠶᠠᠪᠤᠴᠠ ᠶᠢ ᠣᠮᠲᠤᠭᠠᠢᠯᠠᠵᠤ ᠪᠣᠯᠬᠤ ᠦᠭᠡᠢ ᠂ ᠬᠢᠴᠢᠶᠡᠯ ᠤᠨ ᠠᠭᠤᠯᠭ᠎ᠠ ᠪᠠᠨ ᠰᠢᠢᠳᠪᠦᠷᠢᠯᠡᠬᠦ ᠶᠠᠪᠤᠴᠠ ᠳᠤ ᠬᠢᠯᠪᠠᠷ ᠡᠴᠡ ᠬᠦᠴᠢᠷ ᠲᠠᠢ ᠠᠰᠠᠭᠤᠳᠠᠯ ᠶᠢ ᠰᠢᠢᠳᠪᠦᠷᠢᠯᠡᠬᠦ ᠪᠣᠯᠭᠠᠬᠤ ᠬᠡᠷᠡᠭᠲᠡᠢ ᠮᠥᠷᠲᠡᠭᠡᠨ ᠰᠤᠷᠤᠭᠴᠢᠳ ᠢ ᠰᠤᠷᠤᠯᠴᠠᠬᠤ ᠳᠤ ᠵᠦᠳᠡᠷᠬᠦ ᠦᠭᠡᠢ ᠰᠢᠭ ᠰᠠᠨᠠᠭᠳᠠᠭᠤᠯᠬᠤ ᠡᠴᠡ ᠭᠠᠳᠠᠨ᠎ᠠ ᠢᠯᠡᠭᠦᠦ ᠤᠷᠮᠠᠰᠢᠭᠤᠯᠬᠤ ᠶᠢ ᠠᠩᠬᠠᠷᠴᠤ ᠪᠠᠢᠶ᠎ᠠ ᠂ ᠪᠠᠭᠰᠢ ᠬᠢᠴᠢᠶᠡᠯᠯᠡᠬᠦ ᠳᠤᠮᠳᠠ ᠪᠠᠨ ᠦᠭᠡ ᠬᠡᠯᠡ ᠴᠡᠪᠡᠷ ᠲᠣᠳᠤ ᠂ ᠬᠡᠷᠡᠭ ᠦᠭᠡᠢ ᠰᠤᠯᠠ ᠦᠭᠡ ᠶᠢ ᠴᠥᠭᠡᠨ ᠬᠡᠯᠡᠬᠦ ᠬᠡᠷᠡᠭᠲᠡᠢ ᠃

ᠬᠣᠶᠠᠷ ᠂ ᠵᠢᠭᠠᠨ ᠰᠤᠷᠭᠠᠯᠲᠠ ᠳᠤᠮᠳᠠ ᠪᠠᠨ ᠰᠤᠷᠤᠭᠴᠢ ᠪᠠᠷ ᠲᠠᠬᠢᠨ ᠳᠠᠪᠲᠠᠨ ᠬᠡᠯᠡᠬᠦᠯᠬᠦ ᠂ ᠰᠡᠳᠬᠢᠬᠦᠯᠬᠦ ᠵᠠᠪᠰᠢᠶᠠᠨ ᠢ ᠣᠯᠭᠤᠬᠤ ᠬᠡᠷᠡᠭᠲᠡᠢ ᠃ ᠵᠢᠱᠢᠶᠡᠯᠡᠪᠡᠯ ᠄ ᠵᠠᠷᠢᠮ ᠪᠠᠭᠰᠢ ᠠᠰᠠᠭᠤᠯᠲᠠ ᠳᠤᠷᠠᠳᠴᠤ ᠬᠠᠷᠢᠭᠤᠯᠭᠠᠬᠤ ᠳᠠᠭᠠᠨ ᠲᠣᠭᠲᠠᠮᠠᠯ ᠰᠤᠷᠤᠯᠭ᠎ᠠ ᠰᠠᠢᠲᠠᠢ ᠬᠡᠳᠦᠢ ᠰᠤᠷᠤᠭᠴᠢ ᠪᠠᠷ ᠰᠤᠷᠤᠭᠴᠢ ᠪᠠᠷ ᠠᠰᠠᠭᠤᠯᠲᠠ ᠬᠠᠷᠢᠭᠤᠯᠬᠤ ᠶᠢ ᠪᠣᠳᠤᠯᠬᠢᠯᠠᠬᠤ ᠪᠣᠯᠬᠣᠷ ᠰᠤᠷᠤᠯᠭ᠎ᠠ ᠶᠠᠳᠠᠭᠤ ᠰᠤᠷᠤᠭᠴᠢᠳ ᠵᠠᠪᠰᠢᠶᠠᠨ ᠤᠯᠭᠤᠭᠠᠬᠤ ᠦᠭᠡᠢ ᠃ ᠢᠩᠭᠢᠬᠡᠳ ᠬᠡᠰᠡᠭ ᠲᠣᠭᠠᠨ ᠤ ᠰᠤᠷᠤᠭᠴᠢ ᠶᠢᠨ ᠢᠳᠡᠪᠬᠢ ᠴᠢᠨᠠᠷ ᠢ ᠣᠮᠲᠤᠭᠠᠢᠯᠠᠵᠤ ᠂ ᠰᠤᠷᠤᠭᠴᠢᠳ ᠤᠯᠠᠮ ᠢᠶᠠᠷ ᠬᠣᠶᠠᠷ ᠲᠡᠰᠢ ᠲᠤᠢᠯᠰᠢᠷᠠᠬᠤ ᠶᠤᠮ ᠂ ᠲᠡᠭᠡᠭᠡᠳ ᠰᠤᠷᠤᠯᠭ᠎ᠠ ᠶᠠᠳᠠᠭᠤ ᠰᠤᠷᠤᠭᠴᠢ ᠨᠢ ᠨᠠᠳᠠ ᠡᠴᠡ ᠠᠰᠠᠭᠤᠬᠤ ᠦᠭᠡᠢ ᠪᠢ ᠬᠡᠵᠢᠶᠡᠳᠡ ᠬᠠᠷᠢᠭᠤᠯᠵᠤ ᠴᠢᠳᠠᠲᠠᠭ ᠦᠭᠡᠢ ᠭᠡᠬᠦ ᠮᠡᠲᠦ ᠶᠢᠨ ᠰᠡᠳᠬᠢᠭᠳᠡᠯ ᠲᠠᠢ ᠪᠣᠯᠬᠣᠷ ᠤᠯᠠᠮ ᠢᠶᠠᠷ ᠰᠤᠷᠤᠯᠴᠠᠭᠠᠨ ᠳᠤ ᠣᠷᠤᠯᠴᠠᠬᠤ ᠦᠭᠡᠢ ᠪᠣᠯᠳᠠᠭ ᠶᠤᠮ ᠃ ᠴᠢᠨᠠᠭᠰᠢᠯᠠᠪᠡᠯ ᠵᠠᠷᠢᠮ ᠰᠤᠷᠤᠭᠴᠢ ᠪᠠᠭᠰᠢ ᠳᠤ ᠪᠠᠨ ᠳᠤᠷ᠎ᠠ ᠦᠬᠡᠢᠴᠡᠵᠤ ᠬᠢᠴᠢᠶᠡᠯ ᠤᠨ ᠰᠠᠬᠢᠯᠭ᠎ᠠ ᠪᠠᠲᠤ ᠶᠢ ᠵᠢᠷᠤᠮᠯᠡᠬᠤ ᠦᠭᠡᠢ ᠃ ᠪᠠᠭᠰᠢ ᠰᠤᠷᠤᠭᠴᠢ ᠶᠢᠨ ᠬᠣᠭᠤᠷᠤᠨᠳᠤ ᠵᠥᠷᠢᠴᠡᠯ ᠮᠦᠷᠭᠦᠯᠳᠤᠭᠡᠨ ᠪᠣᠯᠵᠤ ᠬᠢᠴᠢᠶᠡᠯᠯᠡᠭᠡ ᠶᠢᠨ ᠵᠢᠭᠠᠨ ᠰᠤᠷᠭᠠᠯᠲᠠ ᠶᠢᠨ ᠤᠷᠤᠭᠰᠢᠲᠠᠢ ᠶᠠᠪᠤᠭᠳᠠᠵᠤ ᠴᠢᠳᠠᠬᠤ ᠦᠭᠡᠢ ᠪᠣᠯᠤᠨ᠎ᠠ ᠃ ᠪᠠᠭᠰᠢ ᠪᠣᠯᠤᠭᠰᠠᠳ ᠪᠦᠬᠦ ᠰᠤᠷᠤᠭᠴᠢ ᠪᠠᠨ ᠡᠷᠬᠡ ᠲᠡᠭᠰᠢ ᠢᠶᠠᠷ ᠬᠠᠨᠳᠤᠵᠤ ᠬᠠᠮᠲᠤ ᠪᠡᠷ ᠲᠠᠪᠰᠢᠬᠤ ᠶᠢ ᠵᠣᠷᠢᠬᠤ ᠂ ᠪᠠᠭᠰᠢ ᠰᠤᠷᠤᠭᠴᠢ ᠶᠢᠨ ᠤᠶᠠᠯᠳᠤᠯ ᠢ ᠰᠠᠢᠲᠤᠷ ᠰᠢᠢᠳᠪᠦᠷᠢᠯᠡᠵᠦ ᠴᠢᠳᠠᠪᠡᠯ ᠰᠤᠷᠤᠯᠴᠠᠬᠤ ᠤᠷᠮ᠎ᠠ ᠶᠢ ᠭᠦᠭᠵᠢᠭᠡᠵᠤ ᠂ ᠬᠡᠦᠬᠡᠳ ᠤᠨ ᠰᠤᠷᠤᠯᠴᠠᠬᠤ ᠬᠥᠳᠡᠯᠭᠡᠭᠴᠢ ᠬᠦᠴᠦᠨ ᠢ ᠠᠶᠠᠨᠳᠠᠭᠠᠨ ᠲᠠᠢᠴᠢᠯᠡᠵᠤ ᠴᠢᠳᠠᠨ᠎ᠠ ᠃

ᠭᠤᠷᠪᠠ ᠂ ᠶᠠᠮᠠᠷ ᠬᠡᠯᠪᠡᠷᠢ ᠶᠢᠨ ᠵᠢᠭᠠᠬᠤ ᠠᠷᠭ᠎ᠠ ᠶᠢ ᠬᠡᠷᠡᠭᠯᠡᠭᠰᠡᠨ ᠴᠤ ᠬᠢᠴᠢᠶᠡᠯᠯᠡᠭᠡ ᠶᠢᠨ ᠵᠣᠬᠢᠶᠠᠨ ᠪᠠᠢᠭᠤᠯᠤᠯᠲᠠ ᠶᠢ ᠰᠠᠢᠲᠤᠷ ᠬᠢᠬᠦ ᠬᠡᠷᠡᠭᠲᠡᠢ ᠃ ᠪᠠᠭᠰᠢ ᠬᠥᠮᠦᠨ ᠤ ᠨᠢᠭᠡ ᠬᠢᠴᠢᠶᠡᠯ ᠤᠨ ᠠᠮᠵᠢᠯᠲᠠ ᠲᠠᠢ ᠶᠠᠪᠤᠭᠳᠠᠬᠤ ᠡᠰᠡᠬᠦ ᠨᠢ ᠬᠢᠴᠢᠶᠡᠯᠯᠡᠭᠡ ᠶᠢᠨ ᠵᠣᠬᠢᠶᠠᠨ ᠪᠠᠢᠭᠤᠯᠤᠯᠲᠠ ᠲᠠᠢ ᠰᠢᠭᠤᠳ ᠬᠣᠯᠪᠤᠭᠳᠠᠨ᠎ᠠ ᠂ ᠡᠯ᠎ᠡ ᠵᠦᠢᠯ ᠤᠨ ᠬᠡᠯᠪᠡᠷᠢ ᠶᠢᠨ ᠵᠣᠬᠢᠶᠠᠨ ᠪᠠᠢᠭᠤᠯᠤᠯᠲᠠ ᠪᠡᠷ ᠂ᠰᠤᠷᠤᠭᠴᠢ ᠶᠢᠨ ᠢᠳᠡᠪᠬᠢᠵᠢᠯ ᠢ ᠪᠠᠳᠠᠷᠠᠭᠤᠯᠵᠤ ᠂ ᠰᠤᠷᠤᠭᠴᠢ ᠶᠢᠨ ᠠᠩᠬᠠᠷᠤᠯ ᠢ ᠲᠦᠪᠯᠡᠷᠡᠬᠦᠯᠬᠦ ᠰᠢᠨ᠎ᠡ ᠮᠡᠳᠡᠯᠭᠡ ᠶᠢ ᠰᠤᠷᠬᠤ ᠰᠣᠨᠢᠭᠤᠴᠢ ᠰᠡᠳᠭᠢᠯᠭᠡ ᠶᠢ ᠲᠠᠲᠠᠵᠤ ᠰᠤᠷᠤᠯᠴᠠᠬᠤ ᠬᠥᠳᠡᠯᠭᠡᠭᠡᠨ ᠳᠤ ᠤᠷᠤᠯᠴᠭᠤᠯᠤᠨ᠎ᠠ ᠂ ᠡᠭᠦᠨ ᠤ ᠤᠯᠠᠮ ᠡᠴᠡ ᠰᠤᠷᠤᠭᠴᠢ ᠬᠢᠴᠢᠶᠡᠯ ᠤᠨ ᠭᠠᠳᠠᠨ᠎ᠠ ᠪᠠᠰᠠ ᠡᠯᠳᠡᠪ ᠮᠡᠳᠡᠬᠦ ᠦᠭᠡᠢ ᠵᠦᠢᠯ ᠢᠶᠠᠨ ᠳᠠᠪᠲᠠᠨ ᠪᠠᠲᠤᠳᠭᠠᠬᠤ ᠂ ᠤᠯᠠᠮ ᠠᠷᠪᠢᠨ ᠰᠢᠨ᠎ᠡ ᠮᠡᠳᠡᠯᠭᠡ ᠶᠢ ᠬᠤᠷᠠᠮᠳᠤᠭᠤᠯᠬᠤ ᠪᠡᠷ ᠥᠪᠡᠷᠲᠡᠭᠡᠨ ᠰᠤᠷᠤᠯᠴᠠᠬᠤ ᠳᠠᠳᠭᠠᠯ ᠲᠠᠢ ᠪᠣᠯᠳᠠᠭ ᠃

ᠳᠥᠷᠪᠡ ᠂ ᠪᠠᠭᠰᠢ ᠡᠴᠡ ᠰᠤᠷᠭᠠᠨ ᠬᠥᠮᠦᠵᠢᠯ ᠤᠨ ᠠᠷᠭ᠎ᠠ ᠪᠠᠷᠢᠯ ᠶᠢᠨ ᠰᠢᠯᠢᠳᠡᠭᠵᠢᠭᠦᠯᠬᠦ ᠬᠡᠷᠡᠭᠲᠡᠢ ᠃ ᠵᠢᠱᠢᠶᠡᠯᠡᠪᠡᠯ ᠄ ᠬᠢᠷᠢ ᠪᠦᠲᠦᠮᠵᠢ ᠬᠣᠴᠤᠷᠤᠩᠭᠤᠢ ᠰᠤᠷᠤᠭᠴᠢ ᠪᠤᠶᠤ ᠪᠤᠷᠤᠭᠤᠳᠠᠭᠰᠠᠨ ᠰᠤᠷᠤᠭᠴᠢ ᠶᠢ ᠵᠠᠪᠠᠯ ᠰᠡᠳᠭᠢᠯ ᠢ ᠨᠢ ᠬᠦᠳᠡᠯᠬᠡᠮ᠎ᠡ ᠦᠭᠡ ᠶᠠᠷᠢᠶ᠎ᠠ ᠂ ᠦᠨᠡᠨ ᠶᠣᠰᠤ ᠪᠡᠷ ᠰᠤᠷᠭᠠᠨ ᠬᠥᠮᠦᠵᠢᠭᠦᠯᠬᠦ ᠬᠡᠷᠡᠭᠲᠡᠢ ᠂ ᠬᠠᠷᠢᠨ ᠲᠡᠳᠡᠨ ᠢ ᠬᠡᠷ ᠠᠬᠠᠮᠠᠳ ᠤᠨ ᠡᠮᠦᠨ᠎ᠡ ᠨᠢ ᠡᠯᠳᠡᠪ ᠮᠠᠭᠤ ᠮᠠᠭᠤᠬᠠᠢ ᠦᠭᠡ ᠶᠠᠷᠢᠶ᠎ᠠ ᠪᠠᠷ ᠴᠣᠬᠢᠯᠲᠠ ᠥᠭᠴᠦ ᠪᠣᠯᠬᠤ ᠦᠭᠡᠢ ᠂ ᠰᠤᠷᠤᠭᠴᠢ ᠶᠢᠨ ᠪᠡᠶ᠎ᠡ ᠰᠡᠳᠭᠢᠴᠡ ᠶᠢ ᠣᠢᠯᠠᠭᠠᠨ ᠂ ᠲᠠᠳᠠᠨᠤᠰ ᠤᠨ ᠪᠡᠶ᠎ᠡ ᠭᠦᠨᠳᠤᠳᠭᠡᠭᠦ ᠰᠡᠳᠭᠢᠯ ᠶᠢ ᠭᠦᠨᠳᠤᠳᠭᠡᠭᠦ ᠂ ᠰᠤᠷᠤᠭᠴᠢ ᠪᠠᠭᠰᠢ ᠪᠡᠨ ᠬᠦᠨᠳᠤᠳᠬᠡᠨ ᠂ ᠪᠠᠭᠰᠢ ᠰᠤᠷᠤᠭᠴᠢ ᠪᠠᠨ ᠬᠠᠢᠷᠠᠯᠠᠬᠤ ᠨᠢ ᠰᠤᠷᠤᠭᠴᠢ ᠪᠡᠨ ᠬᠠᠢᠷᠠᠯᠠᠬᠤ ᠨᠢ ᠰᠤᠷᠤᠭᠴᠢ ᠶᠢᠨ ᠰᠤᠷᠤᠯᠴᠠᠬᠤ ᠳᠤ ᠤᠷᠮ᠎ᠠ ᠪᠠᠬ᠎ᠠ ᠤᠬᠠᠮᠰᠠᠷ ᠶᠢ ᠨᠢ ᠬᠦᠭᠵᠢᠭᠡᠵᠤ ᠪᠣᠯᠤᠨ᠎ᠠ᠃ (ᠬᠣᠯᠪᠤᠭ᠎ᠠ ᠰᠦᠯᠵᠢᠶ᠎ᠡ᠂ ᠲᠠᠷᠬᠠᠨ )

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃