lt
ᠺᠣᠣᠷᠰᠸᠠᠢ᠌ᠷ
ᠬᠢᠴᠢᠶᠡᠯ ᠤᠨ ᠪᠠᠭᠰᠢ ᠳᠤ ᠪᠠᠢᠪᠡᠰᠤ ᠵᠣᠬᠢᠬᠤ ᠬᠡᠳᠦᠨ ᠵᠦᠢᠯ ᠤᠨ ᠲᠠᠮᠲᠡᠭᠯᠡᠯ
2016.03.12 ᠲᠣᠰ ᠥᠷᠲᠡᠭᠡᠨ ᠦ ᠨᠠᠢᠷᠠᠭᠤᠯᠤᠭᠴᠢ

     ᠬᠢᠴᠢᠶᠡᠯ ᠤᠨ ᠪᠠᠭᠰᠢ ᠳᠤ ᠪᠠᠢᠪᠡᠰᠤ ᠵᠣᠬᠢᠬᠤ ᠬᠡᠳᠦᠨ ᠵᠦᠢᠯ ᠤᠨ ᠲᠠᠮᠲᠡᠭᠯᠡᠯ

    ᠪᠠᠭᠰᠢ ᠪᠣᠯᠤᠭᠰᠠᠳ ᠵᠢᠭᠠᠨ ᠰᠤᠷᠭᠠᠬᠤ ᠠᠵᠢᠯ ᠳᠠᠭᠠᠨ ᠢᠯᠭᠤᠮ ᠠᠮᠵᠢᠯᠲᠠ ᠣᠯᠤᠶ᠎ᠠ ᠭᠡᠪᠡᠯ ᠵᠢᠭᠠᠬᠤ ᠠᠵᠢᠯ ᠤᠨ ᠶᠠᠪᠤᠴᠡ ᠳᠠᠭᠠᠨ ᠬᠡᠷᠡᠭᠴᠡᠭᠡ ᠪᠦᠬᠦᠢ ᠲᠠᠮᠲᠡᠭᠯᠡᠯ ᠬᠢᠬᠦ ᠶᠢ ᠠᠩᠬᠠᠷᠤᠨ ᠭᠦᠢᠴᠡᠳᠭᠡᠬᠦ ᠴᠢᠬᠤᠯᠠ ᠲᠠᠢ ᠪᠠᠢᠲᠠᠬ ᠃ ᠪᠠᠭᠰᠢ ᠶᠢᠨ ᠠᠵᠢᠯ ᠪᠣᠯ ᠬᠥᠮᠦᠵᠢᠯ ᠬᠦᠷᠲᠡᠬᠡᠵᠤ ᠮᠡᠲᠡᠯᠬᠡ ᠣᠯᠭᠤᠬᠤ ᠰᠢᠰᠲ᠋ᠧᠮᠲᠦ ᠢᠨᠵᠧᠨᠧᠷᠢᠡᠭ ᠪᠣᠯᠬᠣᠷ ᠶᠠᠭᠠᠬᠢᠭᠰᠠᠨ ᠴᠤ ᠬᠠᠰᠢ ᠶᠠᠰᠢ ᠠᠯᠠᠡᠭ ᠰᠠᠯᠠᠡᠭ ᠪᠠᠢᠵᠤ ᠪᠣᠯᠬᠤ ᠦᠭᠡᠢ ᠃ ᠡᠷᠬᠡᠪᠰᠢ ᠨᠠᠷᠢᠨ ᠬᠢᠨᠠᠮᠠᠭᠠᠢ ᠬᠠᠨᠲᠦᠵᠤ ᠰᠢᠷᠭᠠᠭᠤ ᠬᠠᠲᠠᠭᠤᠵᠢᠯᠲᠡᠢ ᠠᠵᠢᠯᠯᠠᠵᠤ ᠲᠠᠮᠲᠡᠭᠯᠡᠯ ᠬᠢᠬᠦ ᠶᠢ ᠣᠮᠲᠤᠭᠠᠢᠯᠠᠵᠤ ᠪᠣᠯᠬᠤ ᠦᠭᠡᠢ ᠃ ᠲᠡᠭᠡᠪᠡᠯ ᠬᠢᠴᠢᠶᠡᠯ ᠤᠨ ᠪᠠᠭᠰᠢ ᠳᠤ ᠶᠠᠮᠠᠷ ᠶᠠᠮᠠᠷ ᠲᠡᠮᠳᠡᠭᠯᠡᠯ ᠪᠠᠢᠬᠤ ᠴᠢᠬᠤᠯᠠ ᠲᠠᠢ ᠪᠤᠢ ︖ ᠭᠡᠪᠡᠯ ᠄ ᠶᠠᠭᠤᠨ ᠤ ᠤᠷᠢᠳ ᠵᠢᠭᠠᠨ ᠰᠤᠷᠭᠠᠬᠤ ᠲᠥᠯᠦᠪᠯᠡᠭᠡ ᠪᠠᠢᠬᠤ ᠬᠡᠷᠡᠭᠲᠡᠢ ᠃ ᠡᠭᠦᠨ ᠳᠤ ᠠᠬᠢᠴᠠ ᠶᠢᠨ ᠲᠦᠯᠤᠪᠯᠡᠬᠡ ᠪᠠᠭᠲᠠᠨ᠎ᠠ ᠃ ᠵᠢᠭᠠᠨ ᠰᠤᠷᠭᠠᠬᠤ ᠲᠥᠯᠦᠪᠯᠡᠭᠡ ᠪᠣᠯ ᠵᠢᠭᠠᠨ ᠰᠤᠷᠭᠠᠬᠤ ᠵᠣᠷᠢᠯᠭ᠎ᠠ ᠬᠢᠭᠡᠳ ᠡᠭᠦᠷᠭᠡ ᠶᠢ ᠪᠡᠶᠡᠯᠡᠭᠦᠯᠬᠦ ᠲᠥᠰᠦᠪ ᠪᠣᠯᠤᠨ᠎ᠠ ᠃ ᠵᠢᠭᠠᠨ ᠰᠤᠷᠭᠠᠬᠤ ᠲᠥᠯᠦᠪᠯᠡᠭᠡ ᠳᠤ ᠭᠤᠤᠯᠲᠠᠭᠤ ᠵᠢᠭᠠᠬᠤ ᠠᠭᠤᠯᠭ᠎ᠠ ᠶᠢᠨ ᠲᠤᠭᠢᠷᠡᠭᠤᠯᠭ᠎ᠠ ᠂ ᠵᠢᠭᠠᠬᠤ ᠱᠠᠭᠠᠷᠳᠠᠯᠭ᠎ᠠ ᠶᠢᠨ ᠬᠡᠮᠵᠢᠶ᠎ᠡ ᠂ ᠪᠡᠶᠡᠯᠡᠭᠦᠯᠬᠦ ᠬᠠᠷᠡᠯᠲᠡ ᠂ ᠬᠡᠷᠡᠭᠯᠡᠬᠦ ᠠᠷᠭ᠎ᠠ ᠠᠪᠠᠯ ᠭᠡᠬᠦ ᠮᠡᠲᠦ ᠶᠢᠨ ᠬᠠᠮᠢᠶ᠎ᠠ ᠪᠦᠬᠦᠢ ᠬᠡᠷᠡᠭᠴᠡᠭᠡ ᠲᠠᠢ ᠵᠦᠢᠯᠡᠰ ᠪᠠᠢᠪᠠᠯ ᠵᠣᠬᠢᠨ᠎ᠠ ᠃

    ᠺᠤᠨᠰᠫᠧᠷᠲ ᠪᠠᠢᠬᠤ ᠬᠡᠷᠡᠭᠲᠡᠢ ᠃ ᠺᠤᠨᠰᠫᠧᠷᠲ ᠪᠣᠯ ᠪᠠᠭᠰᠢ ᠶᠢᠨ ᠬᠢᠴᠢᠶᠡᠯᠯᠡᠬᠦ ᠴᠠᠭ ᠤᠨ ᠲᠥᠯᠦᠪᠯᠡᠭᠡ ᠪᠣᠯᠤᠨ᠎ᠠ ᠃ ᠳᠠᠷᠤᠢ ᠬᠢᠴᠢᠶᠡᠯᠯᠡᠭᠡ ᠡᠴᠡ ᠡᠮᠦᠨᠡᠬᠢ ᠪᠡᠯᠡᠳᠭᠡᠯ ᠠᠵᠢᠯ ᠪᠠᠢᠵᠤ ᠬᠢᠴᠢᠶᠡᠯᠯᠡᠬᠦ ᠴᠠᠭ ᠤᠨ ᠨᠠᠷᠢᠨ ᠲᠣᠳᠤᠷᠬᠠᠢ ᠲᠤᠬᠢᠷᠡᠭᠤᠯᠤᠯᠲᠡ ᠪᠣᠯᠤᠨ᠎ᠠ ᠃ ᠺᠤᠨᠰᠫᠧᠷᠲ ᠢ ᠰᠠᠢᠲᠦᠷ ᠪᠢᠴᠢᠬᠦ ᠨᠢ ᠬᠢᠴᠢᠶᠡᠯᠯᠡᠭᠡ ᠶᠢ ᠴᠢᠨᠠᠷᠯᠢᠭ ᠣᠷᠤᠬᠤ ᠡᠰᠡᠬᠦ ᠲᠠᠢ ᠨᠢᠭᠲᠡ ᠬᠣᠯᠪᠤᠭ᠎ᠠ ᠲᠠᠢ ᠪᠠᠢᠲᠠᠬ ᠃ ᠺᠤᠨᠰᠫᠧᠷᠲ ᠤᠨ ᠠᠭᠤᠯᠭ᠎ᠠ ᠳᠤ ᠭᠤᠤᠯᠲᠠᠭᠤ ᠄ ᠬᠢᠴᠢᠶᠡᠯᠯᠡᠬᠦ ᠬᠠᠷᠡᠯᠲᠡ ᠵᠣᠷᠢᠯᠭ᠎ᠠ ᠂ ᠬᠢᠴᠢᠶᠡᠯᠯᠡᠬᠦ ᠬᠡᠯᠪᠡᠷᠢ ᠂ ᠵᠢᠭᠠᠬᠤ ᠠᠷᠭ᠎ᠠ ᠪᠠᠷᠢᠯ ᠂ ᠵᠠᠷᠤᠬᠤ ᠪᠠᠭᠠᠵᠢ ᠬᠡᠷᠡᠭᠰᠡᠯ ᠂ ᠬᠢᠴᠢᠶᠡᠯᠯᠡᠬᠦ ᠶᠠᠪᠤᠴᠡ ᠵᠡᠷᠭᠡ ᠪᠡᠭᠲᠠᠨ᠎ᠠ ᠃ ᠬᠢᠴᠢᠶᠡᠯᠯᠡᠭᠡ ᠡᠴᠡ ᠡᠮᠦᠨ᠎ᠡ ᠪᠠᠭᠰᠢ ᠪᠣᠯᠤᠭᠰᠠᠳ ᠺᠤᠨᠰᠫᠧᠷᠲ ᠢᠶᠠᠨ ᠡᠷᠬᠡᠪᠰᠢ ᠨᠠᠷᠢᠯᠢᠭ ᠰᠠᠢᠲᠦᠷ ᠪᠢᠴᠢᠪᠡᠯ ᠵᠣᠬᠢᠨ᠎ᠠ ᠃ ᠤᠴᠢᠷ ᠨᠢ ︽ ᠪᠡᠯᠡᠳᠭᠡᠯ ᠲᠠᠢ ᠠᠵᠢᠯ ᠪᠦᠲᠦᠮᠵᠢ ᠰᠠᠢᠲᠠᠢ ︾ ᠬᠡᠲᠡᠭ ᠪᠢᠰᠢᠦ ᠃

    ᠰᠢᠯᠭᠠᠯᠲᠠ ᠶᠢᠨ ᠬᠤᠪᠢ ᠶᠢᠨ ᠲᠠᠮᠲᠡᠭᠯᠡᠯ ᠪᠠᠢᠬᠤ ᠬᠡᠷᠡᠭᠲᠡᠢ ᠃ ᠰᠢᠯᠭᠠᠯᠲᠠ ᠪᠣᠯ ᠰᠤᠷᠤᠭᠴᠢᠳ ᠤᠨ ᠰᠤᠷᠤᠯᠭ᠎ᠠ ᠶᠢᠨ ᠬᠢᠷᠢ ᠪᠦᠲᠦᠮᠵᠢ ᠶᠢ ᠰᠢᠯᠭᠠᠨ ᠦᠵᠡᠵᠦ ᠂ ᠵᠢᠭᠠᠬᠤ ᠠᠵᠢᠯ ᠤᠨ ᠦᠷ᠎ᠡ ᠪᠦᠲᠦᠮᠵᠢ ᠶᠢ ᠪᠠᠢᠴᠠᠭᠠᠬᠤ ᠨᠢᠭᠡ ᠵᠦᠢᠯ ᠤᠨ ᠳᠥᠭᠦᠮ ᠠᠷᠭ᠎ᠠ ᠪᠣᠯᠤᠨ᠎ᠠ ᠃ ᠰᠢᠯᠭᠠᠯᠲᠠ ᠨᠢ ᠬᠢᠴᠢᠶᠡᠯ ᠲᠥᠷᠦᠯ ᠤᠨ ᠣᠨᠴᠠᠯᠢᠭ ᠬᠢᠭᠡᠳ ᠤᠨ ᠠᠩᠭᠢ ᠶᠢᠨ ᠠᠳᠠᠯᠢ ᠪᠤᠰᠤ ᠪᠠᠢᠳᠠᠯ ᠢ ᠦᠨᠲᠦᠰᠤᠯᠡᠨ ᠶᠡᠬᠡ ᠪᠠᠭ᠎ᠠ ᠰᠢᠯᠭᠠᠯᠲᠠ ᠂ ᠪᠢᠷ ᠪᠡ ᠠᠮᠠᠨ ᠰᠢᠯᠭᠠᠯᠲᠠ ᠂ ᠢᠯᠡ ᠪᠡ ᠪᠢᠲᠡᠭᠦᠦ ᠰᠢᠯᠭᠠᠯᠲᠠ ᠮᠠᠲᠦ ᠶᠢᠨ ᠠᠷᠭ᠎ᠠ ᠮᠠᠶᠢᠬ ᠢᠶᠠᠷ ᠶᠠᠪᠤᠭᠲᠠᠲᠠᠬ ᠃ ᠡᠭᠦᠨ ᠳᠤ ᠶᠠᠮᠠᠷ ᠬᠡᠯᠪᠡᠷᠢ ᠶᠢᠨ ᠰᠢᠯᠭᠠᠯᠲᠠ ᠪᠣᠯᠤᠭᠰᠠᠨ ᠴᠤ ᠴᠥᠮ ᠬᠤᠪᠢ ᠶᠢᠨ ᠲᠠᠮᠲᠡᠭᠯᠡᠯ ᠲᠠᠢ ᠪᠠᠢᠵᠤ ᠰᠤᠷᠤᠭᠴᠢᠳ ᠤᠨ ᠬᠢᠷᠢ ᠪᠦᠲᠦᠮᠵᠢ ᠶᠢ ᠦᠢᠯᠠᠭᠠᠨ ᠡᠵᠡᠮᠰᠢᠬᠦ ᠳᠤ ᠠᠰᠢᠭ ᠲᠠᠢ ᠪᠠᠢᠯᠭᠠᠪᠡᠯ ᠵᠣᠬᠢᠨ᠎ᠠ ᠃ ᠭᠡᠬᠦ ᠳᠤ ᠰᠢᠯᠭᠠᠯᠲᠠ ᠶᠢᠨ ᠬᠤᠪᠢ ᠪᠠᠷ ᠰᠤᠷᠤᠭᠴᠢᠳ ᠢ ᠳ᠋ᠤᠭᠠᠷᠯᠡᠵᠤ ᠢᠯᠡ ᠨᠡᠢᠲᠡᠯᠡᠬᠦ ᠨᠢ ᠰᠤᠷᠭᠠᠨ ᠬᠥᠮᠦᠵᠢᠭᠦᠯᠬᠦ ᠤᠬᠠᠭᠠᠨ ᠲᠠᠢ ᠦᠯᠦ ᠨᠠᠢᠴᠠᠬᠦ ᠨᠠᠵᠠᠭᠠᠢ ᠠᠷᠭ᠎ᠠ ᠪᠣᠯᠬᠤ ᠶᠤᠮ ᠃ ᠰᠢᠯᠭᠠᠯᠲᠠ ᠶᠢᠨ ᠳᠠᠷᠠᠭ᠎ᠠ ᠴᠢᠨᠠᠷ ᠤᠨ ᠵᠠᠲᠠᠯᠤᠯᠲᠠ ᠬᠢᠵᠦ ᠲᠠᠮᠲᠡᠭᠯᠡᠪᠡᠯ ᠵᠣᠬᠢᠨ᠎ᠠ ᠃ ᠰᠢᠯᠭᠠᠯᠲᠠ ᠶᠢᠨ ᠳᠠᠷᠠᠭ᠎ᠠ ᠴᠢᠨᠠᠷ ᠤᠨ ᠵᠠᠲᠠᠯᠤᠯᠲᠠ ᠬᠢᠬᠦ ᠨᠢ ᠵᠢᠭᠠᠨ ᠰᠤᠷᠭᠠᠬᠤ ᠠᠷᠭ᠎ᠠ ᠲᠤᠷᠰᠢᠯᠭ᠎ᠠ ᠪᠠᠨ ᠳ᠋ᠤᠢᠩᠨᠡᠨ ᠬᠤᠷᠡᠮᠲᠦᠭᠤᠯᠵᠤ ᠵᠢᠭᠠᠬᠤ ᠪᠡ ᠰᠤᠳᠤᠯᠬᠤ ᠳᠤ ᠴᠥᠮ ᠠᠰᠢᠭᠲᠠᠢ ᠪᠠᠢᠲᠠᠬ ᠃ ᠳᠠᠷᠤᠢ ᠪᠦᠲᠦᠮᠵᠢᠲᠡᠢ ᠵᠦᠢᠯᠡᠰ ᠢᠶᠠᠨ ᠪᠡᠲᠠᠷᠡᠭᠤᠯᠤᠨ ᠲᠡᠬᠦᠯᠲᠡᠷᠵᠢᠬᠦᠯᠵᠤ ᠪᠠᠭᠤᠷᠠᠢ ᠲᠠᠯ᠎ᠠ ᠪᠠᠨ ᠬᠠᠯᠨᠨ ᠰᠠᠢᠵᠢᠷᠡᠭᠤᠯᠬᠤ ᠳᠤ ᠪᠣᠳᠠᠲᠤ ᠦᠢᠯᠡᠳᠦᠯ ᠦᠵᠡᠬᠦᠯᠲᠡᠭ ᠶᠤᠮ ᠃ ᠬᠢᠴᠢᠶᠡᠯ ᠰᠣᠨᠤᠰᠤᠭᠰᠠᠨ ᠲᠠᠮᠲᠡᠭᠯᠡᠯ ᠪᠠᠢᠪᠠᠯ ᠵᠣᠬᠢᠨ᠎ᠠ ᠃ ᠪᠠᠭᠰᠢ ᠨᠠᠷ ᠬᠠᠷᠢᠯᠴᠡᠨ ᠬᠢᠴᠢᠶᠡᠯ ᠰᠣᠨᠤᠰᠬᠤ ᠨᠢ ᠪᠤᠰᠤᠳ ᠤᠨ ᠡᠷᠬᠢᠮ ᠨᠠᠨᠲᠢᠨ ᠠᠷᠭ᠎ᠠ ᠲᠤᠷᠰᠢᠯᠭ᠎ᠠ ᠶᠢ ᠰᠤᠷᠤᠯᠴᠡᠨ ᠥᠪᠡᠷ ᠤᠨ ᠵᠢᠭᠠᠨ ᠰᠤᠷᠭᠠᠬᠤ ᠬᠢᠷᠢ ᠬᠡᠮᠵᠢᠶ᠎ᠡ ᠪᠠᠨ ᠰᠠᠢᠵᠢᠷᠠᠭᠤᠯᠵᠤ ᠵᠢᠭᠠᠨ ᠰᠤᠷᠭᠠᠬᠤ ᠴᠢᠲᠡᠪᠤᠷᠢ ᠪᠠᠨ ᠲᠠᠰᠤᠷᠡᠯᠲᠡ ᠦᠭᠡᠢ ᠳᠡᠭᠡᠭᠰᠢᠯᠡᠭᠦᠯᠬᠦ ᠳᠤ ᠲᠤᠩ ᠶᠡᠬᠡ ᠠᠰᠢᠭ ᠲᠠᠢ ᠪᠠᠢᠲᠠᠬ ᠃ ᠡᠢᠨᠬᠦ ᠨᠠᠷᠢᠨ ᠬᠢᠨᠠᠮᠠᠭᠠᠢ ᠲᠠᠮᠲᠡᠭᠯᠡᠯ ᠬᠢᠵᠦ ᠠᠰᠢᠭᠯᠡᠨ ᠬᠡᠷᠡᠭᠯᠡᠬᠦ ᠳᠤ ᠳᠥᠭᠦᠮ ᠪᠠᠢᠯᠭᠠᠪᠡᠯ ᠵᠣᠬᠢᠨ᠎ᠠ ᠃ ᠳᠠᠰᠭᠠᠯ ᠬᠢᠨᠡᠭᠰᠠᠨ ᠲᠠᠮᠲᠡᠭᠯᠡᠯ ᠪᠠᠢᠬᠤ ᠬᠡᠷᠡᠭᠲᠡᠢ ᠃ ᠳᠠᠰᠭᠠᠯ ᠬᠢᠨᠡᠭᠰᠡᠨ ᠲᠠᠮᠲᠡᠭᠯᠡᠯ ᠳᠤ ᠭᠤᠤᠯᠲᠠᠭᠤ ᠰᠤᠷᠤᠭᠴᠢᠳ ᠤᠨ ᠳᠠᠰᠭᠠᠯ ᠤᠨ ᠲᠤᠲᠤᠷᠡᠬᠢ ᠣᠷᠤᠰᠢᠵᠤ ᠪᠦᠬᠦᠢ ᠡᠮᠵᠡᠭ ᠬᠡᠮ ᠠᠯᠳᠠᠭ᠎ᠠ ᠲᠤᠲᠠᠭᠲᠠᠯ ᠵᠢᠴᠢ ᠰᠢᠯᠲᠠᠭᠠᠨ ᠢ ᠢᠯᠡᠭᠦᠬᠡᠨ ᠲᠡᠮᠳᠡᠭᠯᠡᠵᠦ ᠲᠠᠷᠡᠭᠠᠴᠢ ᠪᠠᠷ ᠵᠠᠯᠠᠷᠡᠭᠤᠯᠬᠤ ᠳᠤ ᠰᠢᠰᠲ᠋ᠧᠮ ᠲᠠᠢ ᠮᠦᠷᠲᠡᠬᠡᠨ ᠳᠥᠭᠦᠮ ᠪᠠᠢᠯᠭᠠᠬᠤ ᠵᠣᠷᠢᠯᠭ᠎ᠠ ᠳᠤ ᠬᠦᠷᠲᠡᠭ ᠃ ᠡᠨᠡ ᠨᠢ ᠬᠣᠢᠰᠢᠳᠠ ᠶᠢᠨ ᠵᠢᠭᠠᠨ ᠰᠤᠷᠭᠠᠬᠤ ᠠᠵᠢᠯ ᠳᠤ ᠦᠨᠡᠨᠬᠦ ᠴᠢᠭᠯᠡᠯᠲᠦ ᠴᠢᠨᠠᠷ ᠲᠠᠢ ᠪᠠᠢᠵᠤ ᠂ ᠵᠢᠭᠠᠨ ᠰᠤᠷᠭᠠᠬᠤ ᠠᠵᠢᠯ ᠳᠤ ᠪᠣᠳᠠᠲᠤ ᠰᠠᠢᠨ ᠦᠢᠯᠠᠲᠤᠯ ᠦᠵᠡᠬᠦᠯᠲᠡᠭ ᠃ ᠮᠥᠨ ᠴᠤ ᠵᠢᠭᠠᠨ ᠰᠤᠷᠭᠠᠭᠰᠠᠨ ᠳ᠋ᠦᠢᠩᠨᠡᠯᠲᠡ ᠪᠢᠴᠢᠬᠦ ᠳᠤ ᠲᠤᠰᠠᠯᠠᠮᠵᠢ ᠪᠤᠯᠲᠠᠬ ᠃

    ᠬᠢᠴᠢᠶᠡᠯ ᠤᠨ ᠭᠠᠲᠠᠨᠡᠬᠢ ᠵᠢᠯᠤᠭᠤᠲᠤᠯᠭ᠎ᠠ ᠬᠢᠭᠰᠡᠨ ᠲᠡᠮᠳᠡᠭᠯᠡᠯ ᠪᠠᠢᠪᠠᠯ ᠵᠣᠬᠢᠨ᠎ᠠ ᠃ ᠬᠢᠴᠢᠶᠡᠯ ᠤᠨ ᠭᠠᠲᠡᠨᠡᠬᠢ ᠵᠢᠯᠤᠭᠤᠲᠤᠯᠭ᠎ᠠ ᠬᠢᠭᠰᠡᠨ ᠲᠡᠮᠳᠡᠭᠯᠡᠯ ᠳᠤ ᠬᠣᠴᠤᠷᠤᠩᠭᠤᠢ ᠰᠤᠷᠤᠭᠴᠢ ᠂ ᠰᠤᠷᠤᠯᠭ᠎ᠠ ᠠᠨᠠᠢ ᠰᠤᠷᠤᠭᠴᠢ ᠶᠢ ᠬᠠᠪᠰᠤᠷᠤᠭᠰᠠᠨ ᠂ ᠰᠢᠯᠢᠳᠡᠭ ᠰᠤᠷᠤᠯᠭᠠᠲᠠᠨ ᠣᠨᠴᠠᠭᠠᠢ ︽ ᠲᠡᠷᠢᠬᠢᠲᠡᠨ ︾ ᠢ ᠵᠢᠯᠤᠭᠤᠲᠤᠭᠰᠠᠨ ᠵᠢᠴᠢ ᠬᠣᠶᠠᠳᠤᠭᠠᠷ ᠬᠢᠴᠢᠶᠡᠯᠯᠡᠭᠡ ᠶᠢᠨ ᠠᠵᠢᠯᠯᠠᠭ᠎ᠠ ᠶᠢᠨ ᠲᠤᠬᠠᠢ ᠴᠥᠮ ᠪᠣᠳᠠᠲᠠᠢ ᠲᠠᠮᠲᠡᠭᠯᠡᠯ ᠪᠠᠢᠪᠠᠯ ᠵᠣᠬᠢᠨ᠎ᠠ ᠃ ᠡᠨᠡ ᠨᠢ ᠬᠠᠪᠰᠤᠷᠤᠯᠭ᠎ᠠ ᠵᠢᠯᠤᠭᠤᠲᠤᠯᠭ᠎ᠠ ᠶᠢ ᠬᠦᠨᠲᠦᠳᠬᠡᠨ ᠵᠢᠭᠠᠨ ᠰᠤᠷᠭᠠᠬᠤ ᠠᠵᠢᠯ ᠢ ᠪᠣᠳᠠᠲᠠᠢ ᠬᠢᠬᠦ ᠳᠤ ᠬᠠᠷᠡᠯᠲᠡ ᠲᠠᠢ ᠪᠠᠢᠬᠤ ᠶᠢ ᠭᠦᠢᠴᠡᠳᠭᠡᠵᠦ ᠣᠨᠴᠠᠭᠠᠢ ᠶᠢ ᠬᠥᠮᠦᠵᠢᠭᠦᠯᠦᠨ ᠨᠡᠢᠳᠡᠮ ᠳᠤᠨᠢ ᠳᠡᠭᠡᠭᠰᠢᠯᠡᠭᠦᠯᠬᠦ ᠳᠤ ᠠᠰᠢᠭᠲᠠᠢ ᠪᠠᠢᠲᠠᠬ ᠃ ᠮᠥᠨ ᠴᠤ ᠬᠤᠭᠤᠴᠠᠭᠠᠨ ᠡᠴᠦᠰ ᠲᠤ ᠵᠢᠭᠠᠨ ᠰᠤᠷᠭᠠᠭᠰᠠᠨ ᠳ᠋ᠦᠢᠩᠨᠡᠯᠲᠡ ᠪᠢᠴᠢᠬᠦ ᠳᠤ ᠡᠰᠢ ᠪᠠᠷᠢᠮᠲᠠ ᠬᠠᠩᠭᠠᠵᠤ ᠦᠭᠲᠡᠭ ᠃ ᠲᠤᠰᠭᠠᠢ ᠰᠡᠳᠦᠪ ᠤᠨ ᠰᠤᠳᠤᠯᠭᠠᠨ ᠤ ᠥᠭᠦᠯᠡᠯ ᠪᠠᠢᠪᠠᠯ ᠵᠣᠬᠢᠨ᠎ᠠ ᠃ ᠲᠤᠰᠭᠠᠢ ᠰᠡᠳᠦᠪ ᠤᠨ ᠰᠤᠳᠤᠯᠭᠠᠨ ᠨᠢ ᠪᠠᠭᠰᠢ ᠶᠢᠨ ᠵᠢᠭᠠᠨ ᠰᠤᠷᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠦᠷ᠎ᠡ ᠠᠰᠢᠭ ᠢ ᠪᠡᠲᠦᠯᠠᠬᠤ ᠳᠤ ᠴᠢᠬᠤᠯᠠ ᠨᠥᠯᠦᠭᠡ ᠦᠵᠡᠬᠦᠯᠲᠡᠭ ᠪᠣᠯᠬᠣᠷ ᠰᠤᠳᠤᠯᠭᠠᠨ ᠤ ᠲᠤᠬᠠᠢ ᠲᠤᠰᠭᠠᠢ ᠰᠠᠲᠦᠪ ᠤᠨ ᠥᠭᠦᠯᠡᠯ ᠲᠤᠭᠤᠷᠪᠢᠵᠤ ᠲᠤᠷᠰᠢᠯᠭ᠎ᠠ ᠬᠤᠷᠡᠮᠲᠦᠭᠤᠯᠤᠨ ᠠᠰᠢᠭᠯᠠᠬᠤ ᠪᠤᠶᠤ ᠪᠤᠰᠤᠳ ᠲᠤ ᠤᠯᠡᠮᠵᠢᠯᠡᠨ ᠳᠡᠯᠭᠡᠷᠡᠭᠦᠯᠬᠦ ᠶᠢ ᠠᠩᠬᠠᠷᠦᠨ ᠬᠦᠢᠴᠡᠳᠭᠡᠪᠡᠯ ᠵᠣᠬᠢᠬᠤ ᠶᠤᠮ ᠃ ᠵᠢᠭᠠᠨ ᠰᠤᠷᠭᠠᠭᠰᠠᠨ ᠳ᠋ᠦᠢᠩᠨᠡᠯᠲᠡ ᠪᠠᠢᠬᠤ ᠬᠡᠷᠡᠭᠲᠡᠢ ᠃ ᠨᠢᠭᠡ ᠬᠤᠭᠤᠴᠠᠭᠠᠨ ᠤ ᠮᠡᠷᠡᠢᠨ ᠴᠢᠷᠮᠠᠢᠨ ᠬᠢᠭᠰᠡᠨ ᠠᠵᠢᠯ ᠢᠶᠠᠨ ᠳ᠋ᠦᠢᠩᠨᠡᠬᠦ ᠪᠣᠯ ᠮᠠᠰᠢ ᠴᠢᠬᠤᠯᠠ ᠲᠠᠢ ᠶᠤᠮ ᠃ ᠡᠨᠡ ᠨᠢ ᠠᠵᠢᠯ ᠤᠨ ᠲᠤᠮᠲᠠᠬᠢ ᠠᠮᠵᠢᠯᠲᠡ ᠪᠠᠨ ᠨᠤᠲᠠᠯᠡᠨ ᠂ ᠵᠥᠷᠢᠶ᠎ᠡ ᠪᠠᠨ ᠡᠷᠢᠵᠦ ᠠᠯᠳᠠᠭ᠎ᠠ ᠲᠤᠲᠠᠭᠲᠠᠯ ᠭᠦᠷᠦᠯᠴᠡᠬᠦ ᠦᠭᠡᠢ ᠲᠡᠯ᠎ᠡ ᠪᠠᠨ ᠵᠠᠯᠠᠷᠡᠭᠤᠯᠬᠤ ᠳᠤ ᠠᠰᠢᠭᠲᠠᠢ ᠪᠠᠢᠲᠠᠬ ᠃ ᠳᠠᠷᠤᠢ ᠡᠮᠦᠨᠡᠬᠢ ᠳ᠋ᠦᠢᠩᠨᠡᠯᠲᠡ ᠨᠢ ᠳᠠᠷᠠᠭᠠᠴᠢ ᠶᠢᠨ ᠲᠦᠯᠤᠪᠯᠡᠬᠡ ᠳᠡᠭᠡᠨ ᠰᠠᠭᠤᠷᠢ ᠪᠣᠯᠵᠤ ᠪᠠᠷᠢᠮᠲᠠ ᠬᠠᠩᠭᠠᠨ ᠵᠢᠭᠠᠨ ᠰᠤᠷᠭᠠᠬᠤ ᠠᠵᠢᠯ ᠤᠨ ᠰᠢᠰᠲ᠋ᠧᠮ ᠲᠠᠢ ᠢᠯᠭᠤᠮ ᠶᠠᠪᠤᠭᠳᠠᠬᠤ ᠳᠤ ᠠᠰᠢᠭᠲᠠᠢ ᠪᠠᠢᠲᠠᠬ ᠃
( ᠯᠢ ᠪᠤᠶᠠᠨᠴᠤᠭᠯᠠ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃