lt
ᠺᠣᠣᠷᠰᠸᠠᠢ᠌ᠷ
ᠮᠣᠩᠭᠤᠯ ᠤᠨ ᠤᠯᠠᠮᠵᠢᠯᠠᠯᠲᠤ ᠵᠠᠩ ᠳᠠᠳᠭᠠᠯ ᠢᠶᠠᠨ ᠲᠡᠭᠡᠳᠦᠯᠡᠵᠤ ᠮᠣᠩᠭᠤᠯ ᠤᠨ ᠰᠢᠯᠢᠳᠡᠭ ᠦᠷᠡᠰ ᠢ ᠬᠦᠮᠦᠵᠢᠬᠦᠯᠦᠶ᠎ᠡ
2016.03.12 ᠲᠣᠰ ᠥᠷᠲᠡᠭᠡᠨ ᠦ ᠨᠠᠢᠷᠠᠭᠤᠯᠤᠭᠴᠢ

     ᠮᠣᠩᠭᠤᠯ ᠤᠨ ᠤᠯᠠᠮᠵᠢᠯᠠᠯᠲᠤ ᠵᠠᠩ ᠳᠠᠳᠭᠠᠯ ᠢᠶᠠᠨ ᠲᠡᠭᠡᠳᠦᠯᠡᠵᠤ ᠮᠣᠩᠭᠤᠯ ᠤᠨ ᠰᠢᠯᠢᠳᠡᠭ ᠦᠷᠡᠰ ᠢ ᠬᠦᠮᠦᠵᠢᠬᠦᠯᠦᠶ᠎ᠡ

    ᠬᠡᠦᠬᠡᠳ ᠢᠶᠠᠨ ᠰᠠᠶᠢᠬᠠᠨ ᠬᠥᠮᠦᠵᠢᠭᠦᠯᠵᠦ ᠢᠷᠡᠭᠡᠳᠦᠢ ᠳᠤ ᠠᠪᠢᠶᠠᠰ ᠴᠢᠳᠠᠪᠤᠷᠢᠲᠠᠨ ᠪᠣᠯᠭᠠᠶ᠎ᠠ ᠭᠡᠳᠡᠭ ᠪᠣᠯ ᠭᠡᠷ ᠤᠨ ᠠᠬᠠᠮᠠᠳ ᠪᠣᠯᠤᠭᠰᠠᠳ ᠤᠨ ᠬᠠᠮᠤᠭ ᠤᠨ ᠳᠡᠭᠡᠳᠦ ᠬᠦᠰᠡᠯ ᠲᠡᠮᠡᠤᠯᠡᠯ ᠃ ᠭᠡᠪᠡᠴᠦ ᠶᠠᠭᠠᠬᠢᠵᠤ ᠬᠡᠦᠬᠡᠳ ᠢᠶᠠᠨ ᠬᠦᠮᠦᠵᠢᠬᠦᠯᠤᠨ᠎ᠡ ᠪᠤᠢ ᠭᠡᠳᠡᠭ ᠪᠣᠯ ᠣᠳᠤ ᠶᠢᠨ ᠭᠡᠷ ᠤᠨ ᠠᠬᠠᠮᠠᠳ ᠤᠨ ᠡᠮᠦᠨ᠎ᠡ ᠲᠠᠯᠪᠢᠭᠳᠠᠵᠤ ᠪᠠᠢᠭ᠎ᠠ ᠲᠣᠮᠤ ᠠᠰᠠᠭᠤᠳᠠᠯ ᠃

    ᠣᠳᠣᠬᠠᠨ ᠳᠤ ᠮᠣᠩᠭᠤᠯᠴᠤᠳ ᠮᠠᠨᠢ ᠨᠡᠭᠦᠳᠡᠯ ᠮᠠᠯᠵᠢᠯ ᠤᠨ ᠠᠮᠢᠳᠤᠷᠠᠯ ᠤᠨ ᠰᠣᠶᠤᠯ ᠡᠴᠡ ᠠᠭᠠᠵᠢᠮ ᠢᠶᠠᠷ ᠬᠣᠯᠠᠳᠠᠨ ᠲᠠᠷᠢᠶᠠᠯᠠᠬᠤ ᠰᠣᠶᠤᠯ ᠪᠠ ᠬᠤᠳᠠ ᠰᠠᠭᠤᠷᠢᠰᠢᠯ ᠤᠨ ᠰᠣᠶᠤᠯ ᠤᠨ ᠰᠢᠬᠠᠯᠲᠠ ᠨᠦᠷᠢᠯᠳᠠ ᠳᠤ ᠶᠠᠭᠠᠬᠢᠬᠤ ᠪᠠᠨ ᠤᠯᠬᠤ ᠦᠭᠡᠢ ᠪᠠᠯᠠᠭ ᠠᠯᠳᠠᠨ ᠰᠠᠨᠳᠤᠷᠴᠤ ᠂ ᠪᠤᠰᠤᠳ ᠦᠨᠳᠦᠰᠦᠲᠡᠨ ᠤ 《ᠰᠢᠨ᠎ᠡ》ᠬᠡᠮᠡᠭᠰᠡᠨ ᠬᠡᠦᠬᠡᠳ ᠬᠥᠮᠦᠵᠢᠭᠦᠯᠬᠦ ᠠᠷᠭ᠎ᠠ ᠪᠠᠷ ᠬᠡᠦᠬᠡᠳ ᠢᠶᠠᠨ ᠬᠦᠮᠦᠵᠢᠬᠦᠯᠤᠨ᠎ᠡ ᠤᠤ ︖ ᠡᠰᠡᠬᠦᠯ᠎ᠡ ᠤᠯᠠᠮᠵᠢᠯᠠᠯᠲᠤ ᠮᠣᠩᠭᠤᠯ ᠠᠷᠭ᠎ᠠ ᠪᠠᠷ ᠬᠡᠦᠬᠡᠳ ᠢᠶᠠᠨ ᠬᠦᠮᠦᠵᠢᠬᠦᠯᠤᠨ᠎ᠡ ᠤᠤ ᠬᠡᠮᠡᠨ ᠪᠤᠳᠤᠯᠢᠨ ᠲᠥᠭᠡᠷᠢᠵᠦ ᠪᠠᠢᠨ᠎ᠠ ᠃ ᠬᠡᠦᠬᠡᠳ ᠬᠥᠮᠦᠵᠢᠭᠦᠯᠬᠦ ᠶᠢᠨ ᠵᠠᠩᠭᠢᠯᠠᠭ᠎ᠠ ᠨᠢ ᠠᠷᠭ᠎ᠠ ᠵᠠᠮ ᠮᠥᠨ ᠃ ᠲᠡᠭᠡᠪᠡᠯ ᠪᠢᠳᠡ ᠶᠠᠮᠠᠷ ᠠᠷᠭ᠎ᠠ ᠪᠠᠷ ᠶᠠᠭᠠᠬᠢᠵᠤ ᠬᠡᠦᠬᠡᠳ ᠢᠶᠠᠨ ᠬᠥᠮᠦᠵᠢᠭᠦᠯᠬᠦ ᠪᠤᠢ ︖ ᠪᠢᠳᠡ ᠳᠡᠯᠡᠬᠡᠢ ᠶᠢᠨ ᠪᠣᠯᠪᠠᠰᠤᠨ ᠲᠠᠢ ᠮᠥᠷᠦ ᠵᠡᠷᠭᠡᠴᠡᠨ ᠶᠠᠪᠤᠭ᠎ᠠ ᠨᠡᠭᠦᠳᠡᠯ ᠮᠠᠯᠵᠢᠯ ᠤᠨ ᠠᠮᠢᠳᠤᠷᠠᠯ ᠤᠨ ᠳᠤᠮᠳᠠ ᠪᠦᠲᠦᠭᠡᠭᠳᠡᠭᠰᠡᠨ ᠤᠯᠠᠮᠵᠢᠯᠠᠯᠲᠤ ᠮᠣᠩᠭᠤᠯ ᠵᠠᠩ ᠢᠶᠠᠨ ᠰᠠᠶᠢᠳᠤᠷ ᠰᠤᠳᠤᠯᠵᠤ ᠰᠢᠯᠢᠳᠡᠭ ᠢ ᠨᠢ ᠰᠢᠭᠰᠢᠵᠦ ᠂ ᠬᠠᠷᠢ ᠭᠠᠳᠠᠭᠠᠳᠤ ᠶᠢᠨ ᠳᠠᠪᠰᠢᠭᠰᠠᠨ ᠰᠤᠷᠭᠠᠨ ᠬᠥᠮᠦᠵᠢᠯ ᠤᠨ ᠠᠷᠭ᠎ᠠ ᠪᠠᠷᠢᠯ ᠲᠠᠢ ᠤᠶᠠᠯᠳᠤᠭᠤᠯᠤᠨ ᠂ ᠥᠪᠡᠷ ᠤᠨ ᠬᠡᠦᠬᠡᠳ ᠤᠨ ᠪᠣᠳᠠᠲᠤ ᠣᠨᠴᠠᠯᠢᠭ ᠲᠤ ᠲᠣᠬᠢᠷᠠᠭᠤᠯᠤᠨ ᠥᠪᠡᠷ ᠤᠨ ᠭᠡᠰᠡᠨ ᠬᠡᠦᠬᠡᠳ ᠬᠥᠮᠦᠵᠢᠭᠦᠯᠬᠦ ᠠᠷᠭ᠎ᠠ ᠰᠦᠪᠡᠭᠴᠢᠯᠡᠨ ᠭᠠᠷᠭᠠᠨ᠎ᠠ ᠃ ᠡᠨᠡ ᠪᠣᠯ ᠰᠠᠶᠢ ᠬᠡᠦᠬᠡᠳ ᠬᠥᠮᠦᠵᠢᠭᠦᠯᠬᠦ ᠵᠦᠪ ᠠᠷᠭ᠎ᠠ ᠮᠥᠨ ᠃

    ᠬᠠᠭᠤᠴᠢᠨ ᠤ ᠦᠭᠡᠨ ᠳᠤ ᠬᠤᠤᠳᠤᠤ ᠦᠭᠡᠢ ᠂ ᠬᠤᠤᠳᠤᠭ ᠤᠨ ᠤᠰᠤᠨ ᠳᠤ ᠵᠢᠭᠠᠰᠤ ᠦᠭᠡᠢ ᠭᠡᠳᠡᠭᠴᠢᠯᠡᠨ ᠬᠠᠭᠤᠴᠢᠨ ᠶᠠᠭᠤᠮ᠎ᠠ ᠭᠡᠳᠡᠭ ᠪᠣᠯ ᠮᠠᠨ ᠤ ᠳᠡᠭᠡᠳᠦᠰ ᠤᠨ ᠬᠡᠳᠦᠨ ᠮᠢᠩᠭᠠᠨ ᠵᠢᠯ ᠤᠨ ᠲᠤᠷᠰᠢ ᠪᠦᠲᠦᠭᠡᠭᠰᠡᠨ ᠰᠣᠶᠤᠯ ᠤᠨ ᠰᠢᠭᠰᠢᠭᠳᠡᠵᠤ ᠦᠯᠡᠳᠡᠭᠰᠡᠨ ᠣᠬᠢ ᠰᠢᠯᠢᠳᠡᠭ ᠵᠦᠢᠯᠡᠰ ᠃ ᠲᠡᠶᠢᠮᠤ ᠡᠴᠡ ᠡᠨᠡᠬᠦ ᠬᠠᠭᠤᠴᠢᠨ ᠠᠷᠭ᠎ᠠ ᠪᠠᠷᠢᠯ ᠢ ᠦᠪᠯᠡᠨ ᠵᠠᠯᠭᠠᠮᠵᠢᠯᠠᠵᠤ ᠬᠡᠷᠡᠭᠯᠡᠬᠦ ᠨᠢ ᠰᠢᠨ᠎ᠡ ᠵᠦᠢᠯ ᠤᠨ ᠠᠷᠭ᠎ᠠ ᠡᠴᠡ ᠯᠠᠪᠳᠠᠭᠤᠨ ᠮᠥᠷᠲᠡᠭᠡᠨ ᠪᠠᠲᠤᠯᠠᠭ᠎ᠠ ᠲᠠᠢ ᠃ ᠮᠣᠩᠭᠤᠯᠴᠤᠳ ᠤᠨ ᠠᠯᠢᠪᠠ ᠰᠣᠶᠤᠯ ᠤᠨ ᠰᠠᠭᠤᠷᠢ ᠪᠣᠯ ᠨᠡᠭᠦᠳᠡᠯ ᠮᠠᠯᠵᠢᠯ ᠤᠨ ᠠᠮᠢᠳᠤᠷᠠᠯ ᠂ ᠬᠡᠷᠪᠡ ᠡᠨᠡᠬᠦ ᠠᠮᠢᠳᠤᠷᠠᠯ ᠤᠨ ᠰᠠᠭᠤᠷᠢ ᠪᠠᠨ ᠠᠯᠳᠠᠪᠠᠯ ᠦᠨᠳᠦᠰᠦ ᠦᠭᠡᠢ ᠮᠣᠳᠤ ᠮᠡᠲᠦ ᠃ ᠨᠡᠭᠦᠳᠡᠯ ᠮᠠᠯᠵᠢᠯ ᠤᠨ ᠠᠮᠢᠳᠤᠷᠠᠯ ᠨᠢ ᠬᠡᠦᠬᠡᠳ ᠢ ᠪᠠᠭ᠎ᠠ ᠡᠴᠡ ᠨᠢ ᠬᠦᠴᠢᠷ ᠪᠡᠷᠬᠡ ᠶᠢ ᠲᠡᠰᠪᠦᠷᠢᠯᠡᠵᠦ ᠳᠡᠢᠯᠬᠦ ᠂ ᠪᠤᠰᠢᠭᠤ ᠱᠠᠯᠠᠮᠠᠭᠠᠢ ᠡᠷᠡᠯᠬᠡᠭ ᠪᠠᠭᠠᠲᠤᠷᠯᠢᠭ ᠪᠣᠯᠭᠠᠬᠤ ᠂ ᠠᠵᠢᠭᠴᠢ ᠭᠢᠷᠠᠬᠠᠢ ᠪᠣᠯᠭᠠᠬᠤ ᠂ ᠬᠣᠯᠠᠴᠢ ᠤᠬᠠᠭᠠᠨ ᠲᠠᠢ ᠪᠣᠯᠭᠠᠬᠤ ᠂ ᠪᠠᠢᠭᠠᠯᠢ ᠲᠠᠢ ᠤᠶᠢᠷᠠᠳᠤᠨ ᠪᠠᠢᠭᠠᠯᠢ ᠡᠴᠡ ᠤᠬᠠᠭᠠᠨ ᠰᠤᠷᠬᠤ ᠵᠡᠷᠭᠡ ᠬᠥᠮᠦᠨ ᠪᠣᠯᠬᠤ ᠶᠢᠨ ᠬᠠᠮᠤᠭ ᠤᠨ ᠦᠨᠳᠦᠰᠦᠨ ᠪᠣᠯᠪᠠᠰᠤᠷᠠᠯ ᠢ ᠬᠥᠮᠦᠵᠢᠭᠦᠯᠳᠡᠭ ᠃ ᠵᠠᠷᠢᠮ ᠬᠥᠮᠦᠰ ᠮᠣᠩᠭᠤᠯᠴᠤᠳ ᠤᠨ ᠬᠡᠳᠦᠨ ᠮᠢᠩᠭᠠᠨ ᠵᠢᠯ ᠡᠳ᠋ᠯᠡᠵᠦ ᠢᠷᠡᠭᠰᠡᠨ ᠮᠢᠬ᠎ᠠ ᠰᠦ ᠶᠢᠨ ᠰᠢᠮ᠎ᠡ ᠶᠢ ᠰᠠᠶᠢ ᠮᠡᠳᠡᠵᠦ ᠂ ᠨᠡᠭᠦᠳᠡᠯ ᠮᠠᠯᠵᠢᠯ ᠤᠨ ᠰᠣᠶᠤᠯ ᠢ ᠤᠷᠤᠢ ᠲᠠᠨᠢᠵᠤ ᠪᠠᠢᠭ᠎ᠠ ᠴᠤ ᠪᠢᠳᠡ ᠥᠪᠡᠷ ᠤᠨ ᠵᠢᠩᠬᠢᠨᠢ

    ᠰᠢᠮ᠎ᠡ ᠶᠢ ᠰᠠᠶᠢ ᠮᠡᠳᠡᠵᠦ ᠂ ᠨᠡᠭᠦᠳᠡᠯ ᠮᠠᠯᠵᠢᠯ ᠤᠨ ᠰᠣᠶᠤᠯ ᠢ ᠤᠷᠤᠢ ᠲᠠᠨᠢᠵᠤ ᠪᠠᠢᠭ᠎ᠠ ᠴᠤ ᠪᠢᠳᠡ ᠥᠪᠡᠷ ᠤᠨ ᠵᠢᠩᠬᠢᠨᠢ ᠶᠠᠭᠤᠮ᠎ᠠ ᠶᠢᠨ ᠦᠨ᠎ᠡ ᠥᠷᠲᠡᠭ ᠢ ᠥᠪᠡᠷ ᠢᠶᠠᠨ ᠭᠦᠢᠴᠡᠳ ᠲᠠᠨᠢᠬᠤ ᠬᠡᠷᠡᠭᠲᠡᠢ ᠃ ᠡᠨᠡ ᠪᠣᠯ ᠰᠠᠶᠢ ᠮᠠᠨ ᠤ ᠭᠠᠷᠬᠤ ᠵᠠᠮ ᠮᠥᠨ᠃ ᠲᠡᠶᠢᠮᠤ ᠡᠴᠡ ᠬᠡᠦᠬᠡᠳ ᠢᠶᠠᠨ ᠴᠠᠭ ᠲᠣᠬᠢᠶᠠᠯ ᠪᠠᠢᠪᠠᠯ ᠬᠥᠳᠡᠭᠡ ᠢᠯᠡᠭᠦᠦ ᠶᠠᠪᠤᠭᠤᠯᠵᠤ ᠨᠡᠭᠦᠳᠡᠯ ᠮᠠᠯᠵᠢᠯ ᠤᠨ ᠠᠮᠢᠳᠤᠷᠠᠯ ᠲᠠᠨᠢᠭᠤᠯᠬᠤ ᠨᠢ ᠲᠦᠮᠡᠨ ᠵᠦᠪ ᠃

    ᠨᠡᠭᠦᠳᠡᠯ ᠮᠠᠯᠵᠢᠯ ᠤᠨ ᠰᠣᠶᠤᠯ ᠤᠨ ᠬᠡᠦᠬᠡᠳ ᠬᠥᠮᠦᠵᠢᠭᠦᠯᠬᠦ ᠠᠷᠭ᠎ᠠ ᠶᠢᠨ ᠭᠣᠣᠯᠳᠠᠯᠭ᠎ᠠ ᠨᠢ ᠨᠠᠷᠢᠨ ᠨᠢᠮᠪᠠᠢ ᠵᠠᠩ ᠠᠷᠠᠨᠰᠢᠨ ᠢ ᠬᠥᠮᠦᠵᠢᠭᠦᠯᠬᠦ ᠳᠤ ᠪᠤᠢ ᠃ ᠬᠡᠷ ᠤᠨ ᠠᠬᠠᠮᠠᠳ ᠨᠢ ᠥᠪᠡᠷ ᠤᠨ ᠪᠡᠶ᠎ᠡ ᠳᠡᠭᠡᠨ ᠴᠢᠩᠭ᠎ᠠ ᠨᠢᠮᠪᠠᠢ ᠪᠠᠢᠬᠤ ᠪᠠᠷ ᠪᠠᠷᠠᠬᠤ ᠦᠭᠡᠢ ᠬᠡᠦᠬᠡᠳ ᠬᠥᠮᠦᠵᠢᠭᠦᠯᠬᠦ ᠳᠡᠭᠡᠨ ᠴᠢᠩᠭ᠎ᠠ ᠨᠢᠮᠪᠠᠢ ᠪᠠᠢᠳᠠᠭ ᠃ ᠡᠪᠦᠯ ᠴᠠᠭ ᠬᠥᠯᠳᠡᠭᠦᠰᠦ ᠶᠢ ᠴᠤ ᠬᠥᠨᠳᠡᠯᠡᠨ ᠮᠥᠷ ᠭᠤᠯᠳᠤ ᠮᠥᠷ ᠢᠶᠠᠷ ᠲᠡᠷᠢ ᠲᠡᠭᠰᠢ ᠮᠦᠷᠯᠡᠬᠦᠯᠤᠨ ᠤᠪᠤᠭᠠᠯᠠᠨ᠎ᠠ ᠃ ᠡᠶᠢᠮᠦᠷᠬᠦ ᠵᠢᠵᠢᠭ᠌ ᠰᠠᠵᠢᠭ ᠶᠠᠪᠤᠳᠠᠯ ᠳᠤ ᠬᠡᠦᠬᠡᠳ ᠲᠤ ᠪᠠᠨ ᠲᠦᠷᠢᠮ ᠳᠠᠭᠤᠷᠢᠶᠠᠯ ᠪᠣᠯᠵᠤ ᠂ ᠬᠡᠦᠬᠡᠳ ᠢᠶᠠᠨ ᠴᠢᠩᠭ᠎ᠠ ᠡᠴᠡ ᠴᠢᠩᠭ᠎ᠠ ᠂ ᠨᠠᠷᠢᠨ ᠨᠢᠮᠪᠠᠢ ᠠᠮᠢᠳᠤᠷᠠᠯ ᠤᠨ ᠵᠠᠩ ᠳᠠᠳᠭᠠᠯ ᠲᠠᠢ ᠪᠣᠯᠭᠠᠨ ᠬᠥᠮᠦᠵᠢᠭᠦᠯᠦᠨ᠎ᠡ᠃ ᠨᠢᠭᠡ ᠬᠥᠮᠦᠨ ᠥᠴᠦᠬᠡᠨ ᠲᠡᠳᠦᠢ ᠶᠠᠭᠤᠮ᠎ᠠ ᠶᠢ ᠨᠠᠷᠢᠨ ᠨᠢᠮᠪᠠᠢ ᠂ ᠡᠬᠢᠨ ᠡᠴᠡ ᠨᠢ ᠠᠳᠠᠭ ᠲᠤᠨᠢ ᠲᠤᠯᠲᠠᠯ᠎ᠠ ᠰᠠᠶᠢᠨ ᠬᠢᠵᠦ ᠴᠢᠳᠠᠬᠤ ᠦᠭᠡᠢ ᠪᠠᠷ ᠠᠭᠤᠤ ᠶᠡᠬᠡ ᠲᠣᠮᠤ ᠵᠦᠢᠯ ᠢ ᠪᠦᠲᠦᠭᠡᠨ ᠭᠦᠢᠴᠡᠳᠭᠡᠵᠦ ᠴᠢᠳᠠᠨ᠎ᠠ ᠤᠤ ︖ ᠡᠨᠡ ᠨᠢ ᠬᠥᠮᠦᠨ ᠪᠣᠯᠤᠭᠰᠠᠳ ᠤᠨ ᠬᠠᠮᠤᠭ ᠤᠨ ᠦᠨᠳᠦᠰᠦᠨ ᠪᠣᠯᠪᠠᠰᠤᠷᠠᠯ ᠪᠢᠰᠢ ᠭᠡᠵᠦ ᠤᠤ ︖ ᠮᠣᠩᠭᠤᠯᠴᠤᠳ ᠬᠡᠦᠬᠡᠳ ᠢᠶᠠᠨ ᠪᠠᠭ᠎ᠠ ᠡᠴᠡ ᠨᠢ ᠨᠢᠭᠤᠷ ᠤᠭᠢᠶᠠᠬᠤ ᠳᠠᠭᠠᠨ ᠶᠠᠭᠠᠬᠢᠵᠤ ᠤᠷᠭᠤᠵᠤ ᠪᠠᠢᠬᠤ ᠲᠡᠰᠢ ᠢᠯᠢᠵᠦ ᠤᠭᠢᠶᠠᠬᠤ ᠂ ᠱᠠᠯᠪᠢᠡᠭ ᠢ ᠶᠠᠭᠠᠬᠢᠵᠤ ᠭᠣᠣᠯ ᠢ ᠨᠢ ᠲᠡᠩᠴᠡᠬᠦᠭᠡᠨ ᠪᠣᠯᠭᠤᠭᠠᠵᠤ ᠬᠠᠭᠠᠷᠢᠬᠤ ᠵᠡᠷᠭᠡ ᠶᠢ ᠨᠠᠷᠢᠯᠢᠭ ᠡᠴᠡ ᠨᠠᠷᠢᠯᠢᠭ ᠵᠢᠭᠠᠨ᠎ᠠ ᠃ ᠮᠥᠭᠦ ᠶᠢᠨ ᠬᠦᠷᠢᠶ᠎ᠡ ᠡᠴᠡ ᠮᠥᠭᠦ ᠶᠢ ᠶᠠᠭᠠᠬᠢᠵᠤ ᠨᠠᠷᠢᠯᠢᠭ ᠡᠷᠢᠵᠦ ᠲᠡᠭᠦᠬᠦ ᠵᠡᠷᠭᠡ ᠶᠢ ᠵᠢᠭᠠᠵᠤ ᠂ 《ᠨᠠᠷᠢᠨ ᠨᠢᠮᠪᠠᠢ》ᠭᠡᠳᠡᠭ ᠮᠠᠭᠲᠠᠭᠠᠯ ᠢᠶᠠᠷ ᠬᠡᠦᠬᠡᠳ ᠢᠶᠠᠨ ᠨᠠᠷᠢᠨ ᠨᠢᠮᠪᠠᠢ ᠵᠠᠩ ᠳᠠᠳᠭᠠᠯ ᠲᠠᠢ ᠪᠣᠯᠭᠠᠨ ᠬᠦᠮᠦᠵᠢᠬᠦᠯᠤᠨ᠎ᠡ ᠃

    ᠨᠢᠭᠡ ᠬᠡᠦᠬᠡᠳ ᠢ ᠪᠠᠭ᠎ᠠ ᠡᠴᠡ ᠨᠢ ᠰᠠᠶᠢᠨ ᠰᠠᠶᠢᠬᠠᠨ ᠵᠠᠩ ᠳᠠᠳᠭᠠᠯ ᠲᠠᠢ ᠪᠣᠯᠭᠠᠨ ᠬᠦᠮᠦᠵᠢᠬᠦᠯᠪᠡᠯ ᠨᠠᠰᠤᠨ ᠲᠤᠷᠰᠢᠳᠠ ᠳᠠᠭᠠᠨ ᠡᠨᠡᠬᠦ ᠰᠠᠶᠢᠨ ᠰᠠᠶᠢᠬᠠᠨ ᠳᠠᠳᠭᠠᠯ ᠤᠨ ᠠᠴᠢ ᠲᠤᠰᠠ ᠶᠢ ᠬᠦᠷᠲᠡᠨ ᠠᠮᠵᠢᠯᠲᠠ ᠪᠦᠲᠦᠮᠵᠢ ᠣᠯᠵᠤ ᠲᠡᠶᠢᠯᠤᠨ᠎ᠡ ᠃ ᠲᠡᠶᠢᠮᠤ ᠤᠴᠢᠷ ᠡᠴᠡ ᠭᠡᠷ ᠤᠨ ᠠᠬᠠᠮᠠᠳ ᠬᠡᠦᠬᠡᠳ ᠤᠨ ᠦᠰᠦᠨ ᠪᠤᠶᠢᠵᠢᠯᠳᠠ ᠶᠢᠨ ᠵᠠᠩᠭᠢᠯᠠᠭ᠎ᠠ ᠶᠢᠨ ᠦᠶ᠎ᠡ ᠳᠤ ᠴᠠᠭ ᠵᠠᠶᠢᠴᠢᠯᠠᠨ ᠥᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ ᠂ ᠬᠡᠦᠬᠡᠳ ᠤᠨ ᠢᠶᠠᠨ ᠰᠠᠶᠢᠨ ᠰᠠᠶᠢᠬᠠᠨ ᠵᠠᠩ ᠳᠠᠳᠭᠠᠯ ᠢ ᠬᠦᠮᠦᠵᠢᠭᠦᠯᠦᠶ᠎ᠡ ᠃

    ᠥᠪᠦᠷ ᠮᠣᠩᠭᠤᠯ ᠤᠨ ᠡᠳᠦᠷ ᠤᠨ ᠰᠣᠨᠢ ( ᠰᠤᠶᠤᠯᠪᠤᠯᠠᠭ )

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃