lt
ᠮᠣᠩᠭᠤᠯ ᠰᠤᠷᠭᠠᠭᠤᠯᠢ
《 ᠲᠣᠳᠤ ᠮᠠᠩᠯᠠᠢ 》 ᠶᠢᠨ ᠲᠠᠪᠤᠳᠤᠭᠠᠷ ᠰᠠᠷ᠎ᠠ ᠶᠢᠨ ᠡᠵᠡᠨ ᠲᠣᠳᠤᠷᠠᠯ᠎ᠠ Posted on 2015 ᠣᠨ ᠤ6 ᠰᠠᠷ᠎ᠠ ᠶᠢᠨ4 ᠡᠳᠦᠷ
2015.05.15 ᠲᠣᠰ ᠥᠷᠲᠡᠭᠡᠨ ᠦ ᠨᠠᠢᠷᠠᠭᠤᠯᠤᠭᠴᠢ

    ᠪᠠᠭᠠᠷᠢᠨ ᠵᠡᠭᠦᠨ ᠬᠣᠰᠢᠭᠤᠨ ᠤ ᠪᠠᠶᠠᠠᠠᠠᠭᠤᠯᠠ ᠰᠤᠷᠭᠠᠭᠤᠯᠢ ᠶᠢᠨ 《 ᠲᠣᠳᠤ ᠮᠠᠩᠯᠠᠢ 》 ᠤᠷᠤᠯᠳᠤᠭᠠᠨᠳᠤ ᠴᠡᠩᠭᠡᠭᠡᠨᠳᠦ ᠰᠢᠷᠢᠰ ᠠᠵᠢᠯᠯᠠᠭᠠᠨ ᠤ ᠲᠠᠪᠤᠳᠤᠭᠠᠷ ᠰᠠᠷ᠎ᠠ ᠶᠢᠨ ᠮᠠᠩᠯᠠᠢ ᠲᠡᠮᠡᠴᠡᠬᠦ ᠲᠡᠮᠡᠴᠡᠭᠡᠨ ᠢ ᠮᠣᠩᠭᠤᠯ ᠬᠡᠯᠡᠨ ᠤ ᠳᠤᠭᠤᠢᠯᠠᠩ ᠡᠴᠡ ᠡᠷᠬᠢᠯᠡᠨ ᠶᠠᠪᠤᠭᠳᠠᠭᠤᠯᠤᠭᠰᠠᠨ ᠪᠠᠢᠨ᠎ᠠ ᠃
ᠲᠤᠰ ᠤᠳᠠᠭᠠᠨ ᠤ ᠤᠷᠤᠯᠳᠤᠭᠠᠨ ᠳᠡᠭᠡᠷ᠎ᠡ ᠠᠵᠠ ᠶᠢᠨ ᠲᠡᠭᠷᠢ ᠢᠪᠡᠭᠡᠵᠦ ᠂ ᠤᠤᠯ ᠤᠨ 《 ᠤᠳᠠᠨ ᠨᠤᠲᠤᠭ ᠤᠨ ᠰᠣᠶᠤᠯ ᠤᠨ ᠥᠯᠦᠭᠡᠢ 》 ᠭᠡᠵᠦ ᠠᠯᠳᠠᠷᠰᠢᠭᠰᠠᠨ ᠯᠢᠨᠳᠦ᠋ᠩ ᠳᠡᠬᠢ ᠪᠠᠭᠰᠢ ᠶᠢᠨ ᠰᠤᠷᠭᠠᠭᠤᠯᠢ ᠶᠢᠨ ᠠᠵᠢᠯ ᠤᠨ ᠠᠮᠠᠷᠠᠯᠲᠠ ᠪᠠᠨ ᠠᠪᠤᠭᠰᠠᠨ ᠠᠬᠠᠮᠠᠳ ᠪᠠᠭᠰᠢ ᠥᠯᠵᠡᠢᠲᠦ ᠨᠠᠰᠤᠲᠠᠨ ( ᠵᠢᠢ ᠰᠦᠨ )ᠮᠠᠨ ᠤ ᠰᠤᠷᠭᠠᠭᠤᠯᠢ ᠳᠤ ᠢᠷᠡᠬᠦ ᠲᠤᠬᠢᠶᠠᠯᠳᠤᠵᠤ ᠂ ᠦᠨᠡᠲᠦ ᠰᠤᠷᠭᠠᠯ ᠠᠮᠢᠨᠴᠢᠬᠠᠨ ᠵᠦᠪᠯᠡᠭᠡ ᠪᠠᠨ ᠥᠭᠴᠦ ᠂ ᠥᠪᠡᠷ ᠤᠨ ᠴᠤᠭᠯᠠᠭᠤᠯᠵᠤ ᠡᠮᠬᠢᠳᠭᠡᠭᠰᠡᠨ 《 ᠮᠣᠩᠭᠤᠯ ᠠᠷᠠᠳ ᠤᠨ ᠠᠮᠠᠨ ᠬᠡᠯᠡᠯᠭᠡ ᠵᠦᠢᠷ ᠰᠡᠴᠡᠨ ᠦᠭᠡ ᠶᠢᠨ ᠲᠡᠭᠦᠪᠦᠷᠢ 》  ᠪᠠᠷ ᠢᠶᠠᠨ 《 ᠲᠣᠳᠤ ᠮᠠᠩᠯᠠᠢ 》 ᠶᠢᠨ ᠡᠵᠡᠨ  ᠢᠶᠠᠨ ᠮᠢᠯᠢᠶᠠᠵᠤ ᠂ ᠮᠣᠩᠭᠤᠯ ᠰᠣᠶᠤᠯ ᠤᠨ ᠢᠷᠡᠭᠡᠳᠦᠢ ᠶᠢᠨ ᠵᠤᠯᠠ ᠂ ᠮᠣᠷᠢᠲᠠᠨ ᠤᠭᠰᠠᠭᠠᠲᠠᠨ ᠤ ᠭᠣᠯᠤᠮᠲᠠ ᠶᠢᠨ ᠴᠤᠭ ᠪᠣᠯᠵᠤ ᠂ ᠦᠨᠳᠦᠰᠦᠲᠡᠨ ᠤ ᠥᠪ ᠰᠣᠶᠤᠯ ᠢᠶᠠᠨ ᠥᠨᠢᠳᠡ ᠡᠷᠭᠦᠵᠦ ᠶᠠᠪᠤᠬᠤ ᠪᠣᠯᠲᠤᠭᠠᠢ ︕ ᠭᠡᠰᠡᠨ ᠰᠠᠢᠬᠠᠨ ᠢᠷᠦᠭᠡᠯ ᠢᠶᠠᠨ ᠱᠠᠩᠨᠠᠵᠤ ᠂ ᠬᠠᠮᠲᠤ ᠶᠢᠨ ᠰᠡᠭᠦᠳᠡᠷ ᠲᠠᠲᠠᠵᠤ ᠂ ᠳᠤᠷᠠᠰᠭᠠᠯ ᠦᠯᠡᠳᠡᠭᠡᠭᠰᠡᠨ ᠪᠠᠢᠨ᠎ᠠ ᠃

    ᠥᠨᠦᠳᠦᠷ ᠤᠨ ᠤᠷᠤᠯᠳᠤᠭᠠᠨ ᠲᠡᠮᠡᠴᠡᠭᠡᠨ ᠤ ᠳ᠋ᠦᠩ ᠳᠤ ᠳᠡᠭᠡᠳᠦ ᠤᠨ ᠤ ᠳᠤᠭᠤᠢᠯᠠᠩ ᠳᠤ 5.2 ᠠᠩᠭᠢ ᠶᠢᠨ ᠰᠤᠶᠤᠯᠡᠷᠳᠡᠨᠢ ᠮᠠᠩᠯᠠᠢ ᠰᠢᠬᠦᠷᠴᠦ ᠂ ᠳᠤᠮᠳᠠ ᠤᠨ ᠤ ᠳᠤᠭᠤᠢᠯᠠᠩ ᠳᠤ 3.2 ᠠᠩᠭᠢ ᠶᠢᠨ ᠮᠠᠩᠯᠠᠢ ᠲᠡᠷᠢᠭᠦᠨ ᠪᠠᠢᠷᠢᠨ ᠳᠤ ᠲᠣᠳᠤᠷᠠᠭᠰᠠᠨ ᠪᠠᠢᠨ᠎ᠠ ᠃

3333333333

111111111111

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃