lt
ᠮᠣᠩᠭᠤᠯ ᠰᠤᠷᠭᠠᠭᠤᠯᠢ
ᠣᠷᠤᠨ ᠨᠤᠲᠤᠭ ᠤᠨ ᠥᠪᠡᠷᠮᠢᠴᠡ ᠵᠠᠩᠰᠢᠯ ᠢ ᠬᠢᠴᠢᠶᠡᠯ ᠲᠠᠢ ᠪᠠᠨ ᠤᠶᠠᠯᠳᠤᠭᠤᠯᠤᠨ ᠬᠡᠦᠬᠡᠳ ᠪᠠᠭᠠᠴᠤᠳ ᠲᠤ ᠤᠯᠠᠮᠵᠢᠯᠠᠬᠤ ᠲᠤᠬᠠᠢ
2015.10.20 ᠲᠣᠰ ᠥᠷᠲᠡᠭᠡᠨ ᠦ ᠨᠠᠢᠷᠠᠭᠤᠯᠤᠭᠴᠢ

                                              ᠬᠠᠰᠪᠢᠯᠢᠭ᠌

    ᠨᠢᠭᠡᠨ ᠭᠠᠵᠠᠷ ᠤᠨ ᠥᠪᠡᠷᠮᠢᠴᠡ ᠵᠠᠩᠰᠢᠯ ᠨᠢ ᠤᠷᠲᠤ ᠬᠤᠭᠤᠴᠠᠭᠠᠨ ᠤ ᠲᠡᠦᠬᠡᠨ ᠶᠠᠪᠤᠴᠠ ᠳᠤ ᠪᠦᠷᠢᠯᠳᠦᠨ ᠪᠤᠢ ᠪᠣᠯᠤᠭᠰᠠᠨ ᠣᠶᠤᠨ ᠰᠠᠨᠠᠭᠠᠨ ᠤ ᠪᠦᠲᠦᠭᠡᠯ ᠪᠥᠭᠡᠳ ᠦᠷ᠎ᠡ ᠬᠡᠦᠬᠡᠳ ᠢᠶᠠᠨ ᠬᠥᠮᠦᠵᠢᠭᠦᠯᠦᠨ ᠰᠤᠷᠭᠠᠭᠰᠠᠨ ᠦᠨᠡᠲᠦ ᠬᠣᠪᠤᠷ ᠰᠣᠶᠤᠯ ᠤᠨ ᠥᠪ ᠶᠤᠮ ᠃ ᠣᠷᠤᠨ ᠨᠤᠲᠤᠭ ᠤᠨ ᠥᠪᠡᠷᠮᠢᠴᠡ ᠵᠠᠩᠰᠢᠯ ᠢ ᠬᠡᠦᠬᠡᠳ ᠪᠠᠭᠠᠴᠤᠳ ᠤᠨ ᠣᠨᠴᠠᠯᠢᠭ ᠲᠤ ᠲᠣᠬᠢᠷᠠᠭᠤᠯᠤᠨ ᠬᠢᠴᠢᠶᠡᠯ ᠤᠨ ᠠᠭᠤᠯᠭ᠎ᠠ ᠪᠣᠯᠭᠠᠬᠤ ᠨᠢ ᠪᠠᠰᠠ ᠨᠢᠭᠡᠨ ᠪᠦᠲᠦᠮᠵᠢᠲᠡᠢ ᠠᠷᠭ᠎ᠠ ᠪᠠᠷᠢᠯ ᠪᠣᠯᠬᠤ ᠶᠤᠮ ᠃ 

    ᠪᠠᠭᠰᠢ ᠪᠣᠯᠤᠭᠰᠠᠳ ᠨᠤᠲᠤᠭ ᠤᠰᠤᠨ ᠤ ᠵᠠᠩ ᠦᠢᠯᠡ ᠶᠢ ᠨᠠᠷᠢᠨ ᠣᠢᠯᠠᠭᠠᠵᠤ ᠂ ᠤᠤᠭᠠᠯ ᠠᠢᠯ ᠡᠷᠦᠬᠡ ᠶᠢᠨ ᠠᠮᠢᠳᠤᠷᠠᠯ ᠤᠨ ᠵᠠᠩᠰᠢᠯ ᠢ ᠭᠦᠨ ᠨᠢᠮᠪᠠᠢ ᠠᠵᠢᠭᠯᠠᠵᠤ ᠂ ᠥᠪᠡᠷ ᠤᠨ ᠮᠡᠳᠡᠯᠭᠡ ᠶᠢᠨ ᠬᠦᠷᠢᠶ᠎ᠡ ᠴᠠᠷᠠᠭ᠎ᠠ ᠪᠠᠨ ᠥᠷᠭᠡᠳᠭᠡᠨ ᠵᠣᠬᠢᠬᠤ ᠮᠡᠳᠡᠯᠭᠡ ᠶᠢ ᠬᠤᠷᠠᠮᠳᠤᠭᠤᠯᠵᠤ ᠂ ᠥᠪᠡᠷ ᠤᠨ ᠵᠢᠭᠠᠨ ᠰᠤᠷᠭᠠᠯᠲᠠ ᠳᠠᠭᠠᠨ ᠰᠠᠭᠤᠷᠢ ᠲᠠᠯᠪᠢᠬᠤ ᠶᠢ ᠴᠠᠭ ᠦᠷᠭᠦᠯᠵᠢ ᠠᠩᠬᠠᠷᠴᠤ ᠂ ᠲᠤᠬᠠᠶᠢᠯᠠᠭᠰᠠᠨ ᠠᠵᠢᠯ ᠤᠨ ᠢᠶᠠᠨ ᠴᠢᠬᠤᠯᠠ ᠨᠢᠭᠡᠨ ᠠᠭᠤᠯᠭ᠎ᠠ ᠪᠠᠷ ᠬᠦᠨᠳᠦᠳᠭᠡᠨ ᠦᠵᠡᠬᠦ ᠨᠢ ᠬᠢᠴᠢᠶᠡᠯ ᠤᠨ ᠠᠭᠤᠯᠭ᠎ᠠ ᠪᠠᠨ ᠠᠮᠢᠳᠤᠯᠢᠭ ᠪᠠᠶᠠᠯᠢᠭ ᠲᠣᠬᠢᠷᠠᠭᠤᠯᠬᠤ ᠳᠤ ᠲᠤᠰᠠ ᠳᠠᠮ ᠪᠣᠯᠬᠤ ᠶᠤᠮ ᠃ 

    ᠵᠢᠭᠠᠨ ᠰᠤᠷᠭᠠᠬᠤ ᠬᠢᠴᠢᠶᠡᠯ ᠤᠨ ᠣᠨᠴᠠᠯᠢᠭ ᠲᠠᠭᠠᠨ ᠲᠣᠬᠢᠷᠠᠭᠤᠯᠤᠨ ᠣᠷᠤᠨ ᠨᠤᠲᠤᠭ ᠤᠨ ᠵᠠᠩ ᠦᠢᠯᠡ ᠶᠢ ᠣᠷᠭᠠᠨᠢᠭ ᠢᠶᠠᠷ ᠤᠶᠠᠯᠳᠤᠭᠤᠯᠵᠤ ᠂ ᠰᠤᠷᠤᠭᠴᠢᠳ ᠤᠨ ᠰᠡᠳᠭᠢᠬᠦᠢ ᠶᠢ ᠰᠡᠩᠬᠡᠷᠡᠭᠦᠯᠦᠨ ᠲᠠᠢᠯᠪᠤᠷᠢᠯᠠᠵᠤ ᠂ ᠤᠷᠮ᠎ᠠ ᠪᠠᠬ᠎ᠠ ᠶᠢ ᠨᠢ ᠲᠠᠲᠠᠵᠤ ᠂ ᠥᠪᠡᠷ ᠤᠨ ᠵᠠᠩᠰᠢᠯ ᠢᠶᠠᠨ ᠠᠩᠬᠠᠷᠤᠨ ᠰᠤᠷᠬᠤ ᠵᠦᠭ ᠬᠥᠲᠦᠯᠦᠨ ᠵᠢᠯᠤᠭᠤᠳᠬᠤ ᠶᠢ ᠠᠩᠬᠠᠷᠪᠠᠯ ᠵᠣᠬᠢᠨ᠎ᠠ ᠃ 

    ᠰᠤᠷᠤᠭᠴᠢᠳ ᠲᠤ ᠲᠠᠶᠢᠯᠪᠤᠷᠢᠯᠠᠬᠤ ᠳᠠᠭᠠᠨ ᠲᠣᠪᠴᠢᠬᠠᠨ ᠤᠶᠢᠯᠠᠭᠠᠮᠵᠢᠲᠠᠢ ᠶᠠᠷᠢᠵᠤ ᠂ ᠡᠳᠦᠷ ᠤᠨ ᠤᠳᠠᠭᠠᠨ ᠳᠤ ᠬᠤᠷᠠᠮᠳᠤᠭᠤᠯᠤᠨ ᠡᠵᠡᠮᠰᠢᠬᠦ ᠳᠠᠳᠭᠠᠯ ᠲᠠᠢ ᠪᠣᠯᠭᠠᠬᠤ ᠶᠢ ᠤᠬᠠᠭᠠᠷᠠᠭᠤᠯᠤᠨ ᠂ ᠤᠬᠠᠮᠰᠠᠷ ᠲᠠᠢ ᠪᠠᠷ ᠰᠤᠷᠬᠤ ᠶᠢ ᠵᠤᠷᠢᠭᠵᠢᠭᠤᠯᠪᠠᠯ ᠦᠷ᠎ᠡ ᠪᠦᠲᠦᠮᠵᠢ ᠪᠠᠷ ᠰᠠᠶᠢᠨ ᠪᠠᠢᠳᠠᠭ ᠃ ᠰᠤᠷᠤᠭᠴᠢᠳ ᠤᠨ ᠣᠨᠴᠠᠯᠢᠭ ᠲᠤ ᠵᠣᠬᠢᠴᠠᠭᠤᠯᠤᠨ ᠥᠪᠡᠷᠮᠢᠴᠡ ᠵᠠᠩᠰᠢᠯ ᠤᠨ ᠬᠥᠮᠦᠵᠢᠯ ᠬᠢᠬᠦ ᠶᠢ ᠠᠮᠢᠳᠤᠯᠢᠭ ᠢᠶᠠᠷ ᠤᠶᠠᠯᠳᠤᠭᠤᠯᠬᠤ ᠨᠢ ᠨᠥᠯᠦᠭᠡ ᠦᠵᠡᠭᠦᠯᠬᠦ ᠪᠠᠷ ᠰᠠᠶᠢᠨ ᠪᠠᠢᠳᠠᠭ ᠃ ᠨᠢᠭᠡ ᠠᠩᠭᠢ ᠶᠢᠨ ᠰᠤᠷᠤᠭᠴᠢᠳ ᠨᠢ ᠤᠯᠠᠨ ᠭᠠᠵᠠᠷ ᠡᠴᠡ ᠬᠤᠷᠠᠨ ᠴᠤᠭᠯᠠᠷᠠᠭᠰᠠᠨ ᠪᠣᠯᠬᠣᠷ ᠭᠡᠷ ᠪᠦᠯᠢ ᠶᠢᠨ ᠶᠣᠰᠤ ᠵᠠᠩᠰᠢᠯ ᠤᠨ ᠤᠯᠠᠮᠵᠢᠯᠠᠯ ᠨᠢ ᠵᠣᠬᠢᠬᠤ ᠢᠯᠭᠠᠭ᠎ᠠ ᠲᠠᠢ ᠪᠠᠢᠳᠠᠭ ᠃ ᠡᠨᠡᠬᠦ ᠣᠨᠴᠠᠯᠢᠭ ᠢ ᠠᠩᠬᠠᠷᠤᠨ ᠤᠤᠭᠠᠯ ᠨᠤᠲᠤᠭ ᠤᠨ ᠤᠯᠠᠮᠵᠢᠯᠠᠯᠲᠤ ᠵᠠᠩᠰᠢᠯ ᠢᠶᠠᠷ ᠭᠣᠣᠯ ᠪᠣᠯᠭᠠᠵᠤ ᠂ ᠪᠤᠰᠤᠳ ᠢ ᠨᠢ ᠬᠠᠪᠰᠤᠷᠤᠮᠵᠢ ᠪᠣᠯᠭᠠᠵᠤ ᠂ ᠰᠤᠷᠤᠭᠴᠢᠳ ᠤᠨ ᠠᠩᠬᠠᠷᠬᠤ ᠂ ᠠᠵᠢᠭᠯᠠᠬᠤ ᠂ ᠰᠡᠳᠭᠢᠬᠦ ᠂ ᠴᠡᠭᠡᠵᠢᠯᠡᠬᠦ ᠴᠢᠳᠠᠪᠤᠷᠢ ᠶᠢ ᠨᠢ ᠬᠥᠭᠵᠢᠭᠡᠨ ᠪᠠᠳᠠᠷᠠᠭᠤᠯᠬᠤ ᠶᠢ ᠠᠩᠬᠠᠷᠤᠨ ᠵᠢᠯᠤᠭᠤᠳᠪᠠᠯ ᠰᠠᠶᠢᠨ ᠃ 

    ᠨᠡᠢᠭᠡᠮ ᠤᠨ ᠠᠵᠢᠯᠯᠠᠭ᠎ᠠ ᠲᠠᠢ ᠣᠷᠭᠠᠨᠢᠭ ᠢᠶᠠᠷ ᠤᠶᠠᠯᠳᠤᠭᠤᠯᠤᠨ ᠂ ᠰᠤᠷᠤᠭᠴᠢᠳ ᠤᠨ ᠣᠷᠤᠨ ᠨᠤᠲᠤᠭ ᠤᠨ ᠵᠠᠩᠰᠢᠯ ᠢᠶᠠᠨ ᠠᠰᠠᠭᠤᠨ ᠰᠤᠷᠬᠤ ᠬᠢᠴᠢᠶᠡᠯ ᠢ ᠵᠣᠬᠢᠬᠤ ᠴᠠᠭ ᠲᠠᠢ ᠲᠣᠬᠢᠷᠠᠭᠤᠯᠵᠤ ᠂ ᠭᠡᠷ ᠤᠨ ᠠᠬᠠᠮᠠᠳ ᠪᠤᠯᠤᠨ ᠨᠠᠰᠤᠲᠠᠨ ᠪᠤᠭᠤᠷᠤᠯᠴᠤᠤᠯ ᠡᠴᠡ ᠠᠰᠠᠭᠤᠨ ᠰᠤᠷᠬᠤ ᠵᠠᠪᠰᠢᠶᠠᠨ ᠣᠯᠭᠤᠵᠤ ᠵᠢᠭᠠᠨ ᠰᠤᠷᠭᠠᠪᠠᠯ ᠬᠡᠦᠬᠡᠳ ᠪᠠᠭᠠᠴᠤᠳ ᠤᠨ ᠬᠥᠮᠦᠵᠢᠯ ᠬᠦᠷᠲᠡᠬᠦ ᠨᠢ ᠰᠠᠶᠢᠨ ᠂ ᠵᠠᠩ ᠰᠤᠷᠲᠠᠯ ᠢᠶᠠᠨ ᠮᠡᠳᠡᠵᠦ ᠰᠤᠷᠬᠤ ᠳᠤ ᠠᠴᠢ ᠲᠤᠰᠠᠲᠠᠢ ᠨᠥᠯᠦᠭᠡ ᠭᠦᠨ ᠪᠠᠢᠳᠠᠭ ᠃  ᠰᠤᠷᠤᠭᠴᠢᠳ ᠤᠨ ᠣᠢᠯᠠᠭᠠᠵᠤ ᠮᠡᠳᠡᠭᠰᠡᠨ ᠢ ᠨᠢ ᠶᠠᠷᠢᠭᠤᠯᠬᠤ ᠂ ᠪᠢᠴᠢᠭᠦᠯᠬᠦ ᠂ ᠲᠥᠰᠦᠭᠡᠯᠡᠨ ᠭᠦᠢᠴᠡᠳᠬᠡᠬᠦ ᠵᠡᠷᠭᠡ ᠬᠡᠯᠪᠡᠷᠢ ᠪᠠᠷ ᠪᠠᠲᠤᠳᠭᠠᠨ ᠰᠤᠷᠭᠠᠬᠤ ᠨᠢ ᠪᠠᠰᠠ ᠨᠢᠭᠡᠨ ᠪᠦᠲᠦᠮᠵᠢᠲᠡᠢ ᠠᠷᠭ᠎ᠠ ᠪᠠᠷᠢᠯ ᠪᠣᠯᠬᠤ ᠶᠤᠮ ᠃ ᠡᠢᠨᠬᠦ ᠬᠢᠴᠢᠶᠡᠯ ᠤᠨ ᠵᠠᠪᠰᠠᠷᠯᠠᠭ᠎ᠠ ᠂ ᠬᠥᠳᠡᠯᠭᠡᠭᠡᠨ ᠤ ᠴᠠᠭ ᠲᠤ ᠢᠯᠡᠭᠦᠴᠡ ᠪᠣᠯᠪᠠᠰᠤᠷᠠᠯ ᠬᠢᠯᠭᠡᠵᠦ ᠂ ᠵᠣᠬᠢᠬᠤ ᠭᠡᠷ ᠤᠨ ᠠᠵᠢᠯ ᠤᠨ ᠳᠠᠰᠭᠠᠯ ᠦᠯᠡᠳᠡᠭᠡᠵᠦ ᠂ ᠳᠠᠷᠠᠭᠠᠴᠢ ᠶᠢᠨ ᠬᠢᠴᠢᠶᠡᠯ ᠳᠤ ᠪᠠᠲᠤᠳᠭᠠᠨ ᠰᠤᠷᠭᠠᠬᠤ ᠨᠢ ᠦᠢᠯᠡᠳᠦᠯ ᠢᠶᠠᠷ ᠰᠠᠶᠢᠨ ᠪᠠᠢᠳᠠᠭ ᠃ 

    ᠰᠤᠷᠤᠭᠴᠢᠳ ᠲᠤ ᠣᠷᠤᠨ ᠨᠤᠲᠤᠭ ᠤᠨ ᠥᠪᠡᠷᠮᠢᠴᠡ ᠵᠠᠩᠰᠢᠯ ᠢᠶᠠᠨ ᠤᠯᠠᠮᠵᠢᠯᠠᠨ ᠰᠤᠷᠭᠠᠬᠤ ᠨᠢ ᠬᠠᠷᠠᠬᠠᠨ ᠪᠠᠭ᠎ᠠ ᠡᠴᠡ ᠨᠢ ᠪᠣᠯᠪᠠᠰᠤᠨ ᠰᠠᠶᠢᠬᠠᠨ ᠰᠤᠷᠲᠠᠯ ᠲᠠᠢ ᠂ ᠨᠤᠲᠤᠭ ᠤᠰᠤ ᠪᠠᠨ ᠬᠠᠢᠷᠠᠯᠠᠬᠤ ᠰᠡᠳᠭᠢᠯᠭᠡ ᠲᠠᠢ ᠂ ᠥᠪ ᠰᠣᠶᠤᠯ ᠢᠶᠠᠨ ᠤᠯᠠᠮᠵᠢᠯᠠᠬᠤ ᠬᠠᠷᠢᠭᠤᠴᠠᠯᠭ᠎ᠠ ᠲᠠᠢ ᠬᠥᠮᠦᠵᠢᠭᠦᠯᠬᠦ ᠂ ᠣᠶᠤᠨ ᠰᠠᠨᠠᠭᠠᠨ ᠤ ᠰᠠᠭᠤᠷᠢ ᠲᠠᠯᠪᠢᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠤᠮ ᠃ ᠰᠤᠷᠤᠭᠴᠢᠳ ᠲᠤ ᠡᠯᠪᠡᠭ ᠪᠠᠶᠠᠯᠢᠭ ᠠᠭᠤᠯᠭ᠎ᠠ ᠪᠦᠬᠦᠢ ᠵᠠᠩ ᠳᠠᠳᠭᠠᠯ ᠤᠨ ᠬᠥᠮᠦᠵᠢᠯ ᠬᠢᠬᠦ ᠶᠢ ᠦᠷᠭᠦᠯᠵᠢ ᠶᠢᠨ ᠴᠢᠨᠠᠷᠲᠠᠢ ᠪᠠᠷᠢᠮᠲᠠᠯᠠᠵᠤ ᠂ ᠭᠡᠷ ᠪᠦᠯᠢ ᠂ ᠰᠤᠷᠭᠠᠭᠤᠯᠢ ᠂ ᠨᠡᠢᠭᠡᠮ ᠬᠠᠮᠲᠤ ᠪᠠᠷ ᠴᠢᠬᠤᠯᠠᠴᠢᠯᠠᠬᠤ ᠶᠢ ᠠᠩᠬᠠᠷᠪᠠᠯ ᠥᠪ ᠰᠣᠶᠤᠯ ᠢᠶᠠᠨ ᠤᠯᠠᠮᠵᠢᠯᠠᠬᠤ ᠶᠢ ᠢᠳᠡᠪᠬᠢᠲᠡᠢ ᠠᠬᠢᠭᠤᠯᠵᠤ ᠴᠢᠳᠠᠨ᠎ᠠ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃