lt
ᠰᠤᠶᠤᠯ ᠲᠡᠤᠬᠡ
ᠡᠨᠡᠳᠬᠡᠭ ᠤᠨ ᠲᠡᠦᠬᠡᠨ ᠳᠠᠬᠢ ᠮᠣᠩᠭᠤᠯ ᠸᠠᠩᠲᠤ ᠲᠥᠷᠦ
2016.03.16 ᠲᠣᠰ ᠥᠷᠲᠡᠭᠡᠨ ᠦ ᠨᠠᠢᠷᠠᠭᠤᠯᠤᠭᠴᠢ

                        ᠪᠠᠯᠵᠢᠨᠢᠮ᠎ᠠ ᠵᠠᠩ ᠵᠢᠢ ᠰᠢᠶᠠ

《 ᠮᠠᠷᠺᠰ ᠡᠨᠡᠳᠬᠡᠭ ᠤᠨ ᠤᠨ ᠳᠠᠷᠠᠭᠠᠯᠠᠭᠰᠠᠨ ᠲᠡᠦᠬᠡᠨ ᠡᠬᠡ ᠪᠢᠴᠢᠭ᠌ 》 ᠲᠤ ᠂ ᠴᠢᠩᠭᠢᠰ ᠬᠠᠭᠠᠨ ᠮᠣᠩᠭᠤᠯ ᠢ ᠨᠢᠭᠡᠳᠭᠡᠬᠦ ᠶᠠᠪᠤᠴᠠ ᠳᠤ ᠨᠢᠭᠡᠨ ᠠᠩᠭᠢ ᠴᠡᠷᠢᠭ ᠢ ᠵᠣᠬᠢᠶᠠᠨ ᠪᠠᠢᠭᠤᠯᠪᠠ ᠬᠡᠮᠡᠡ ᠪᠢᠴᠢᠭᠰᠡᠨ ᠪᠠᠢᠳᠠᠭ ᠃ ᠲᠡᠷᠡ 《 ᠡᠨᠡ ᠨᠢᠭᠡᠨ ᠠᠩᠭᠢ ᠴᠡᠷᠢᠭ ᠢ ᠲᠦᠰᠢᠭᠯᠡᠵᠦ ᠂ ᠮᠣᠩᠭᠤᠯ ᠤᠨ ᠵᠡᠭᠦᠨ ᠬᠡᠰᠡᠭ ᠪᠠ ᠬᠢᠲᠠᠳ ᠤᠨ ᠤᠮᠠᠷᠠᠳᠤ ᠬᠡᠰᠡᠭ ᠢ ᠡᠷᠬᠡᠰᠢᠶᠡᠯ ᠳᠤ ᠪᠠᠨ ᠣᠷᠤᠭᠤᠯᠵᠤ ᠂ ᠳᠠᠷᠠᠭ᠎ᠠ ᠶᠢᠨ ᠠᠮᠤ ᠲᠠᠷᠢᠶᠠᠨ ᠭᠣᠣᠯ ᠡᠴᠡ ᠬᠣᠢᠰᠢᠬᠢ ᠭᠠᠵᠠᠷ ᠪᠠ ᠬᠤᠷᠠᠽᠠᠮ ᠢ ᠲᠠᠶᠢᠯᠠᠨ ᠠᠪᠤᠪᠠ ᠂ ᠪᠠᠰᠠ ᠲᠦᠷᠺ ᠦᠨᠳᠦᠰᠦᠲᠡᠨ ᠤ ᠭᠠᠵᠠᠷ ᠢ ᠡᠵᠡᠯᠡᠨ ᠠᠪᠤᠪᠠ ᠂ ᠳᠠᠷᠤᠢ ᠪᠤᠬᠠᠷ ᠂ ᠬᠤᠷᠠᠽᠠᠮ ᠪᠤᠯᠤᠨ ᠫᠧᠷᠰ ᠪᠠ ᠡᠨᠡᠳᠬᠡᠭ ᠲᠤ ᠲᠦᠷᠢᠮᠡᠬᠡᠶᠢᠯᠡᠵᠦ ᠣᠷᠤᠪᠠ ᠂ ᠲᠡᠭᠦᠨ ᠤ ᠬᠠᠭᠠᠨᠲᠤ ᠤᠯᠤᠰ ᠤᠨ ᠨᠤᠲᠤᠭ ᠳᠡᠪᠢᠰᠭᠡᠷ ᠨᠢ ᠺᠠᠰᠫᠢ ᠲᠠᠩᠭᠢᠰ ᠡᠴᠡ ᠠᠪᠤᠭᠠᠳ ᠪᠡᠭᠡᠵᠢᠩ ᠬᠦᠷᠲᠡᠯ᠎ᠡ ᠂ ᠤᠷᠤᠭᠰᠢ ᠪᠠᠨ ᠡᠨᠡᠳᠬᠡᠭ ᠳᠠᠯᠠᠢ ᠪᠠ ᠡᠾᠸᠮᠡᠯᠶ ᠠᠭᠤᠯᠠ ᠶᠢᠨ ᠪᠠᠷᠠᠭᠤᠨ ᠪᠡᠶ᠎ᠡ ᠳᠠᠬᠢ ᠠᠰᠲᠠᠷᠬᠠᠨ ᠪᠠ ᠵᠠᠰᠤᠨ ᠳᠤ ᠬᠦᠷᠪᠡ ᠃ ᠲᠡᠷᠡ ᠨᠠᠰᠤ ᠨᠥᠭᠴᠢᠭᠰᠡᠨ ᠤ ᠳᠠᠷᠠᠭ᠎ᠠ ᠡᠨᠡᠬᠦ ᠬᠠᠭᠠᠨᠲᠤ ᠤᠯᠤᠰ ᠨᠢ ᠬᠢᠪᠴᠠᠭ ᠬᠠᠭᠠᠨᠲᠤ ᠤᠯᠤᠰ ᠂ ᠢᠯ ᠬᠠᠭᠠᠨᠲᠤ ᠤᠯᠤᠰ ᠂ ᠴᠠᠭᠠᠳᠠᠢ ᠬᠠᠭᠠᠨᠲᠤ ᠤᠯᠤᠰ ᠂ ᠮᠣᠩᠭᠤᠯ ᠪᠠ ᠬᠢᠲᠠᠳ ᠤᠯᠤᠰ ᠪᠤᠯᠤᠨ ᠰᠠᠯᠵᠤ ᠬᠤᠪᠢᠶᠠᠭᠳᠠᠵᠠᠢ 》 (《 ᠮᠠᠷᠺᠰ ᠄ ᠡᠨᠡᠳᠬᠡᠭ ᠤᠨ ᠤᠨ ᠳᠠᠷᠠᠭᠠᠯᠠᠭᠰᠠᠨ ᠲᠡᠦᠬᠡᠨ ᠡᠬᠡ ᠪᠢᠴᠢᠭ᠌ 》 21-22 ᠨᠢᠭᠤᠷ ᠲᠤ ᠂ ᠪᠡᠭᠡᠵᠢᠩ ᠂ ᠠᠷᠠᠳ ᠤᠨ ᠬᠡᠪᠯᠡᠯ ᠤᠨ ᠬᠣᠷᠢᠶ᠎ᠠ ᠂ 1957 ) ᠭᠡᠵᠦ ᠲᠡᠮᠳᠡᠭᠯᠡᠵᠡᠢ ᠃ ᠦᠨᠡᠨ ᠳᠡᠭᠡᠨ ᠂ ᠮᠣᠩᠭᠤᠯ ᠬᠥᠮᠦᠨ ᠤ ᠬᠣᠢᠴᠢᠰ ᠤᠨ ᠪᠠᠶᠢᠭᠤᠯᠤᠭᠰᠠᠨ ᠮᠣᠭᠤᠯ ᠬᠠᠭᠠᠨᠲᠤ ᠤᠯᠤᠰ ᠪᠣᠯ ᠳᠠᠷᠤᠢ ᠮᠣᠩᠭᠤᠯ ᠬᠠᠭᠠᠨᠲᠤ ᠤᠯᠤᠰ ᠤᠨ ᠡᠮᠦᠨᠡᠳᠦ ᠠᠽᠢᠶ᠎ᠠ ᠶᠢᠨ ᠡᠭᠡ ᠬᠠᠭᠤᠷᠠᠢ ᠳᠠᠬᠢ ᠦᠷᠭᠦᠯᠵᠢᠯᠡᠯ ᠮᠥᠨ ᠃ ᠴᠢᠩᠭᠢᠰ ᠬᠠᠭᠠᠨ ᠤ ᠪᠠᠶᠢᠭᠤᠯᠤᠭᠰᠠᠨ ᠮᠣᠩᠭᠤᠯ ᠤᠨ ᠬᠠᠭᠠᠨᠲᠤ ᠤᠯᠤᠰ ᠵᠠᠭᠤ ᠢᠯᠡᠭᠦᠦ ᠵᠢᠯ ᠢ ᠥᠩᠭᠡᠷᠡᠭᠡᠵᠦ ᠂ ᠧᠦ᠋ᠷᠤᠫᠠ ᠠᠽᠢᠶ᠎ᠠ ᠶᠢᠨ ᠡᠭᠡ ᠬᠠᠭᠤᠷᠠᠢ ᠶᠢ ᠠᠯᠤᠰᠯᠠᠭᠰᠠᠨ ᠲᠠᠶᠢᠨ ᠤ ᠳᠠᠷᠠᠭ᠎ᠠ ᠂ ᠮᠣᠩᠭᠤᠯ ᠦᠨᠳᠦᠰᠦᠲᠡᠨ ᠤ ᠠᠮᠢᠳᠤᠯᠢᠭ ᠬᠦᠴᠦᠨ ᠢ ᠥᠭᠡᠷ᠎ᠡ ᠨᠢᠭᠡᠨ ᠶᠠᠩᠵᠤ ᠬᠡᠯᠪᠡᠷᠢ ᠪᠠᠷ ᠳᠡᠯᠡᠬᠡᠢ ᠳᠤ ᠦᠯᠡᠳᠡᠭᠡᠭᠰᠡᠨ ᠰᠢᠨ᠎ᠡ ᠪᠣᠯᠪᠠᠰᠤᠨ ᠰᠣᠶᠤᠯ ᠮᠥᠨ ᠂ ᠡᠨᠡ ᠪᠣᠯ ᠬᠥᠮᠦᠨ ᠲᠥᠷᠦᠯᠬᠢᠲᠡᠨ ᠳᠤ ᠦᠯᠡᠳᠡᠭᠡᠭᠰᠡᠨ ᠨᠠᠨᠳᠢᠨ ᠰᠣᠶᠤᠯ ᠤᠨ ᠥᠪ ᠬᠥᠷᠦᠩᠭᠡ ᠶᠤᠮ ᠃ 2012 ᠤᠨ ᠤ ᠳᠥᠷᠪᠡᠳᠦᠭᠡᠷ ᠰᠠᠷ᠎ᠠ ᠳᠤ ᠂ ᠪᠢᠳᠡ ᠠᠵᠠ ᠵᠠᠪᠰᠢᠶᠠᠨ ᠢᠶᠠᠷ ᠡᠨᠡᠳᠬᠡᠭ ᠵᠡᠷᠭᠡ ᠤᠯᠤᠰ ᠲᠤ ᠣᠴᠢᠵᠤ ᠪᠠᠶᠢᠴᠠᠭᠠᠨ ᠰᠤᠷᠤᠯᠴᠠᠭᠰᠡᠨ ᠪᠢᠯᠡ ᠃ ᠡᠨᠡ ᠨᠢ ᠪᠢᠳᠡᠨ ᠤ ᠠᠮᠠᠷᠠᠯᠲᠠ ᠪᠠᠨ ᠠᠪᠤᠭᠰᠠᠨ ᠤ ᠳᠠᠷᠠᠭᠠᠬᠢ 30 ᠳ᠋ᠤᠭᠠᠷ ᠤᠳᠠᠭᠠᠨ ᠤ ᠭᠠᠳᠠᠭᠠᠳᠤ ᠳᠤ ᠭᠠᠷᠴᠤ ᠠᠶᠢᠯᠴᠢᠯᠠᠯᠲᠠ ᠬᠢᠭᠰᠡᠨ ᠠᠵᠢᠯᠯᠠᠭ᠎ᠠ ᠪᠣᠯᠬᠤ ᠶᠤᠮ ᠃ ᠪᠢᠳᠡ ᠪᠣᠯ ᠴᠢᠩᠭᠢᠰ ᠬᠠᠭᠠᠨ ᠤ ᠲᠤᠬᠠᠢ ᠨᠣᠮ ᠪᠢᠴᠢᠭ᠌ ᠢ ᠴᠤᠭᠯᠠᠭᠤᠯᠬᠤ ᠲᠤᠰᠭᠠᠢ ᠠᠵᠢᠯᠲᠠᠳ ᠪᠥᠭᠡᠳ ᠪᠠᠰᠠ ᠴᠢᠩᠭᠢᠰ ᠬᠠᠭᠠᠨ ᠤ ᠰᠣᠶᠤᠯ ᠢ ᠲᠤᠰᠭᠠᠢ ᠰᠤᠳᠤᠯᠤᠭᠴᠢ ᠮᠥᠨ ᠃ ᠡᠨᠡ ᠤᠳᠠᠭ᠎ᠠ ᠡᠨᠡᠳᠬᠡᠭ ᠵᠡᠷᠭᠡ ᠤᠯᠤᠰ ᠲᠤ ᠣᠴᠢᠭᠰᠠᠨ ᠨᠢ ᠬᠤᠪᠢ ᠬᠥᠮᠦᠨ ᠤ ᠬᠦᠰᠡᠯ ᠢᠶᠠᠨ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠂ ᠪᠠᠰᠠ ᠮᠠᠰᠢ ᠠᠷᠪᠢᠨ ᠮᠣᠩᠭᠤᠯ ᠰᠤᠳᠤᠯᠤᠯ ᠪᠤᠯᠤᠨ ᠴᠢᠩᠭᠢᠰ ᠬᠠᠭᠠᠨ ᠤ ᠲᠤᠬᠠᠢ ᠨᠠᠨᠳᠢᠨ ᠲᠤᠯᠭᠤᠷ ᠪᠢᠴᠢᠭ᠌ ᠮᠠᠲ᠋ᠧᠷᠢᠶᠠᠯ ᠢ ᠣᠯᠵᠤ ᠠᠪᠴᠢᠷᠠᠵᠠᠢ ᠃ ᠨᠡᠩ ᠢᠯᠠᠩᠭᠤᠶ᠎ᠠ ᠪᠠᠶᠠᠷᠯᠠᠭᠤᠰᠢᠲᠠᠢ ᠶᠠᠪᠤᠳᠠᠯ ᠪᠣᠯ ᠡᠨᠡᠳᠬᠡᠭ ᠤᠨ ᠲᠡᠦᠬᠡᠨ ᠳᠠᠬᠢ ᠮᠣᠩᠭᠤᠯ ᠬᠠᠭᠠᠨᠲᠤ ᠲᠥᠷᠦ ︱ ᠮᠣᠭᠤᠯ ᠬᠠᠭᠠᠨᠲᠤ ᠤᠯᠤᠰ ᠤᠨ ᠡᠭᠦᠰᠦᠯᠲᠡ ᠭᠠᠷᠤᠯ ᠤᠨ ᠲᠤᠬᠠᠢ ᠤᠯᠠᠮ ᠭᠦᠨᠵᠡᠭᠡᠢ ᠣᠢᠯᠠᠭᠠᠭᠰᠠᠨ ᠪᠠᠢᠨ᠎ᠠ ᠃ 

ᠳᠡᠯᠡᠬᠡᠢ ᠶᠢᠨ ᠳᠣᠯᠤᠭᠠᠨ ᠶᠡᠬᠡ ᠭᠠᠶᠢᠠᠭᠮᠰᠢᠭᠲᠤ ᠪᠠᠷᠢᠯᠭ᠎ᠠ ᠶᠢᠨ ᠨᠢᠭᠡ ︱ ᠲᠠᠵᠢ ᠮᠠᠬᠠᠯ ᠤᠨ ᠪᠤᠩᠬᠤᠨ ᠢ ᠨᠢᠳᠦ ᠪᠠᠷ ᠢᠶᠠᠨ ᠦᠵᠡᠭᠰᠡᠨ ᠨᠢ ᠥᠪᠡᠷ ᠤᠨ ᠨᠢᠭᠡ ᠨᠠᠰᠤᠨ ᠤ ᠬᠠᠮᠤᠭ ᠤᠨ ᠶᠡᠬᠡ ᠬᠦᠰᠡᠯ ᠢᠶᠠᠨ ᠪᠡᠶᠡᠯᠡᠭᠦᠯᠪᠡ ᠃ ᠨᠠᠮᠠᠢ ᠪᠠᠭ᠎ᠠ ᠪᠠᠢᠬᠤ ᠳᠤ ᠲᠤᠮᠤᠭᠠᠴᠤᠤᠯ ᠢᠩᠭᠢᠵᠦ ᠬᠠᠭᠤᠴᠢᠯᠠᠳᠠᠭ ᠪᠠᠢᠭᠰᠠᠨ ᠪᠢᠯᠡ ᠃ ᠮᠣᠩᠭᠤᠯ ᠮᠡᠷᠭᠡᠳ ᠨᠢᠭᠡ ᠨᠠᠰᠤᠨ ᠳᠤ ᠪᠠᠨ ᠭᠤᠷᠪᠠᠨ ᠶᠡᠬᠡ ᠬᠦᠰᠡᠯ ᠲᠠᠢ ᠄ ᠨᠢᠭᠡ ᠨᠢ ᠭᠦᠮᠪᠤᠮ ᠂ ᠬᠣᠶᠠᠷ ᠨᠢ ᠮᠥᠩᠬᠡ ᠵᠤᠤ ᠂ ᠭᠤᠷᠪᠠ ᠳᠤ ᠂ ᠲᠠᠵᠢ ᠮᠠᠬᠠᠯ ᠤᠨ ᠪᠤᠩᠬᠤᠨ ᠳᠤ ᠬᠦᠷᠬᠦ ᠶᠤᠮᠰᠠᠨ ᠭᠡᠳᠡᠭ ᠃ ᠡᠳᠡᠭᠡᠷ ᠭᠠᠵᠠᠷ ᠬᠦᠷᠪᠡᠯ ᠳᠠᠷᠤᠢ ᠬᠥᠮᠦᠨ ᠪᠣᠯᠤᠭᠰᠠᠨ ᠤ ᠬᠤᠪᠢ ᠳᠤ ᠬᠦᠰᠡᠯ ᠢᠶᠠᠨ ᠪᠦᠷᠢᠮᠦᠰᠦᠨ ᠪᠡᠶᠡᠯᠡᠭᠦᠯᠵᠦ ᠬᠦᠢᠴᠡᠯ᠎ᠡ ᠭᠡᠵᠦ ᠦᠵᠡᠳᠡᠭ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃