lt
ᠰᠤᠶᠤᠯ ᠲᠡᠤᠬᠡ
ᠰᠤᠷᠤᠬᠴᠢᠳ ᠤᠨ ᠲᠥᠷᠤᠯᠬᠢ ᠬᠡᠯᠡ ᠪᠡᠨ ᠰᠤᠷᠬᠤ ᠤᠷᠮ᠎ᠡ ᠵᠢ ᠬᠦᠭᠵᠢᠬᠡᠬᠦ ᠲᠤᠬᠠᠢ ᠮᠥᠴᠢᠳ ᠥᠭᠦᠯᠡᠬᠦ ᠨᠢ
2016.07.13 ᠲᠣᠰ ᠥᠷᠲᠡᠭᠡᠨ ᠦ ᠨᠠᠢᠷᠠᠭᠤᠯᠤᠭᠴᠢ

ᠴᠠᠭ ᠦᠶ᠎ᠡ ᠶᠢᠨ ᠬᠥᠭ᠍ᠵᠢᠯᠲᠡ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠳᠦᠷᠢᠯᠳᠠ ᠭᠢᠭᠡᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠳᠠᠭᠠᠯᠳᠤᠨ ᠰᠣᠶᠤᠯ ᠰᠤᠷᠭᠠᠨ ᠬᠥᠮᠦᠵᠢᠯ ᠤᠨ ᠣᠢ᠌ᠯᠠᠰ ᠥᠳᠲᠥᠷ ᠲᠦᠷᠭᠡᠨ ᠭᠦᠭ᠍ᠵᠢᠵᠤ ᠰᠢᠨ᠎ᠡ ᠰᠢᠨᠵᠢᠯᠡᠭᠡ ᠮᠡᠷᠭᠡᠵᠢᠯ ᠰᠤᠷᠭᠠᠭᠤᠯᠢ ᠶᠢᠨ ᠬᠦᠷᠢᠶᠡᠨ᠎ᠡ ᠣᠷᠤᠵᠤ᠂ ᠰᠠᠢ᠌ᠨ ᠰᠠᠢ᠌ᠬᠠᠨ ᠬᠥᠭ᠍ᠵᠢᠯ ᠪᠠᠳᠠᠷᠠᠯ ᠤᠨ ᠪᠠᠢ᠌ᠳᠠᠯ ᠢᠯᠡᠷᠡᠵᠡᠢ᠃ ᠭᠡᠶ᠎ᠡ᠂ ᠦᠨᠳᠦᠰᠦᠲᠡᠨ ᠤ ᠣᠷᠤᠨ ᠤ ᠮᠤᠩᠭ᠋ᠤᠯ ᠰᠤᠷᠭᠠᠭᠤᠯᠢ ᠶᠢᠨ ᠪᠠᠢ᠌ᠳᠠᠯ ᠳᠤ ᠮᠥᠨ ᠰᠠᠨᠠᠭ᠎ᠠ ᠪᠣᠯᠤᠭᠤᠰᠢᠳᠠᠢ ᠰᠢᠨ᠎ᠡ ᠥᠵᠡᠭ᠍ᠳᠡᠯ ᠭᠠᠷᠴᠤ ᠪᠠᠢ᠌ᠨ᠎ᠠ᠃ ᠡᠨᠡ ᠬᠦ ᠬᠤᠪᠢᠷᠠᠯᠲᠠ ᠶᠢ ᠣᠢ᠌ᠷ᠎ᠠ ᠶᠢᠨ ᠭᠤᠴᠢᠨ ᠵᠢᠯ ᠤᠨ ᠳᠤᠳᠤᠷᠠᠭᠢ ᠪᠠᠢ᠌ᠳᠠᠯ  ᠢᠶᠡᠷ ᠬᠠᠷᠢᠴᠠᠭᠤᠯᠵᠤ ᠦᠵᠡᠪᠡᠯ ᠳᠤᠤᠷᠠᠭᠢ ᠮᠡᠲᠦ《ᠬᠣᠶᠠᠷ ᠪᠠᠭᠤᠷᠠᠯᠲᠠ》ᠬᠠᠷᠠᠭᠳᠠᠵᠤ ᠪᠣᠢ᠃ ᠨᠢᠭᠡ ᠨᠢ ᠮᠤᠩᠭ᠋ᠤᠯ ᠰᠤᠷᠭᠠᠭᠤᠯᠢ ᠪᠠ ᠰᠤᠷᠤᠭᠴᠢ ᠶᠢᠨ ᠲᠣᠭ᠎ᠠ ᠮᠡᠳᠡᠭᠳᠡᠮ᠎ᠡ ᠪᠠᠭᠠᠰᠴᠠᠢ᠃ ᠨᠥᠭᠦᠭᠡ ᠨᠢ ᠮᠤᠩᠭ᠋ᠤᠯ ᠰᠤᠷᠤᠭᠴᠢ ᠶᠢᠨ ᠮᠤᠩᠭ᠋ᠤᠯ ᠬᠡᠯᠡᠨ ᠤ ᠬᠢᠷᠢ ᠬᠡᠮᠵᠢᠶ᠎ᠡ ᠮᠡᠳᠡᠭᠳᠡᠮ᠎ᠡ ᠳᠤᠷᠤᠭᠰᠢᠯᠠᠵᠠᠢ᠃

ᠰᠤᠷᠭᠠᠭᠤᠯᠢ ᠪᠠ ᠰᠤᠷᠤᠭᠴᠢ ᠶᠢᠨ ᠲᠣᠭ᠎ᠠ ᠪᠠᠭᠠᠰᠴᠤ ᠪᠠᠢ᠌ᠭ᠎ᠠ ᠨᠢ ᠳᠦᠪᠯᠡᠷᠡᠭᠦᠯᠤᠨ ᠡᠷᠬᠢᠯᠡᠬᠦ ᠲᠥᠷᠦ ᠶᠢᠨ ᠪᠣᠳᠤᠯᠭ᠎ᠠ ᠪᠠ ᠳᠦᠯᠦᠪᠯᠡᠭᠡᠳᠤ ᠦᠷᠡᠵᠢᠯ ᠤᠨ ᠲᠥᠷᠦ ᠶᠢᠨ ᠪᠣᠳᠤᠯᠭ᠎ᠠ ᠲᠡᠢ ᠬᠤᠯᠪᠣᠭ᠎ᠠ ᠲᠡᠢ ᠮᠥᠷᠳᠡᠭᠡᠨ ᠡᠭᠦᠨ ᠡᠴᠡ ᠪᠤᠰᠤᠳ ᠪᠠᠰᠠ ᠨᠢᠭᠡᠨ ᠭᠣᠣᠯ ᠰᠢᠯᠲᠠᠭᠠᠨ ᠭᠡᠪᠡᠯ᠄ ᠨᠡᠯᠢᠶᠡᠳ ᠲᠣᠭᠠᠨ ᠤ ᠮᠤᠩᠭ᠋ᠤᠯ ᠭᠡᠦᠭᠡᠤᠨ ᠬᠢᠲᠠᠳ  ᠢᠶᠡᠷ ᠪᠢᠴᠢᠭ᠌ ᠦᠵᠡᠵᠦ ᠪᠠᠢ᠌ᠭ᠎ᠠ ᠲᠡᠢ ᠰᠢᠭᠤᠳ ᠬᠤᠯᠪᠣᠭ᠎ᠠ ᠲᠡᠢ ᠶᠤᠮ ᠪᠠᠢ᠌ᠨ᠎ᠠ᠃ ᠮᠤᠩᠭ᠋ᠤᠯ ᠰᠤᠷᠤᠭᠴᠢ ᠶᠢᠨ ᠲᠣᠭ᠎ᠠ ᠪᠠᠭᠠᠰᠴᠤ ᠪᠠᠢ᠌ᠭ᠎ᠠ ᠪᠠ ᠮᠤᠩᠭ᠋ᠤᠯ ᠬᠡᠯᠡ ᠪᠢᠴᠢᠭ᠌ ᠤᠨ ᠬᠢᠷᠢ ᠬᠡᠮᠵᠢᠶ᠎ᠡ ᠳᠤᠷᠤᠭᠰᠢᠯᠠᠵᠤ ᠪᠠᠢ᠌ᠭ᠎ᠠ ᠶᠢ ᠠᠪᠤᠨ ᠥᠵᠡᠭᠦ ᠳᠤ ᠬᠣᠶᠠᠷ ᠣᠠᠳᠤᠤ ᠣᠴᠢᠷ ᠪᠣᠯᠪᠠᠴᠤ ᠨᠢᠭᠲᠠ ᠠᠵᠢᠭᠯᠠᠪᠠᠯ ᠢᠵᠢᠯ ᠨᠢᠭᠡᠨ ᠰᠢᠯᠲᠠᠭᠠᠨ ᠲᠡᠢ ᠭᠡᠵᠦ ᠪᠢ ᠦᠵᠡᠨ᠎ᠡ᠃ ᠡᠨᠡ ᠨᠢ ᠳᠠᠷᠤᠢ᠄

ᠨᠡᠢ᠌ᠭᠡᠮ ᠤᠨ ᠳᠠᠯᠠ ᠡᠴᠡ ᠥᠵᠡᠪᠡᠯ᠄ ᠮᠤᠩᠭ᠋ᠤᠯᠴᠤᠳ (ᠭᠡᠦᠭᠡᠤᠨ ᠪᠠ ᠭᠡᠷ ᠤᠨ ᠠᠬᠠᠮᠠᠤᠨ ᠪᠦᠷ ᠪᠠᠭᠲᠠᠨ᠎ᠠ) ᠪᠤᠰᠤᠳ ᠦᠨᠳᠦᠰᠦᠲᠡᠨ ᠤ ᠰᠣᠶᠤᠯ ᠤᠨ ᠨᠥᠯᠦᠭᠡ᠂ ᠬᠡᠯᠡ ᠶᠢᠨ ᠨᠥᠯᠦᠭᠡ᠂ ᠰᠡᠦᠡᠭᠢᠭᠦᠢ ᠶᠢᠨ ᠨᠥᠯᠦᠭᠡ ᠶᠢ ᠭᠦᠷᠳᠡᠵᠤ ᠪᠠᠢ᠌ᠬᠤ ᠲᠡᠢ ᠬᠤᠯᠪᠣᠭ᠎ᠠ ᠲᠡᠢ᠃ ᠣᠠᠴᠠᠭᠠᠢ᠌ᠯᠠᠨ ᠣᠢ᠌ᠷ᠎ᠠ ᠶᠢᠨ ᠠᠷᠪᠠᠭᠠᠳ ᠵᠢᠯ ᠳᠤ ᠰᠤᠷᠠᠭ ᠵᠠᠩᠭᠢ ᠶᠢᠨ ᠮᠡᠷᠭᠡᠵᠢᠯ ᠥᠤᠠᠳᠤᠷ ᠭᠦᠭ᠍ᠵᠢᠵᠤ ᠺᠢᠨᠣ᠋ ᠲᠧᠯᠸᠢᠰ᠂ ᠲᠣᠣᠷ ᠰᠦᠯᠵᠢᠶ᠎ᠡ ᠵᠡᠷᠭᠡ ᠡᠴᠡ ᠬᠠᠷᠢ ᠰᠣᠶᠤᠯ᠂ ᠬᠠᠷᠢ ᠬᠡᠯᠡᠨ ᠤ ᠨᠥᠯᠦᠭᠡ ᠶᠢ ᠭᠥᠷᠳᠡᠬᠦ ᠨᠢ ᠨᠠᠩ ᠢᠯᠡᠭᠦᠦ ᠪᠣᠯᠵᠠᠢ᠃

ᠭᠡᠷ ᠪᠦᠯᠢ ᠶᠢᠨ ᠳᠠᠯᠠ ᠡᠴᠡ ᠥᠵᠡᠪᠡᠯ᠄ ᠭᠡᠷ ᠤᠨ ᠠᠬᠠᠮᠠᠤᠨ ᠤᠨ ᠦᠨᠳᠦᠰᠦᠲᠡᠨ ᠢᠶᠡᠨ ᠬᠠᠢ᠌ᠷᠠᠯᠠᠬᠤ᠂ ᠭᠦᠡᠳᠦᠦᠡᠭᠡᠭᠦ ᠰᠡᠦᠡᠭᠢᠯᠭᠡ ᠭᠦᠢᠴᠡᠳ ᠪᠤᠰᠤ᠃ ᠨᠡᠯᠢᠶᠡᠳ ᠲᠣᠭᠠᠨ ᠤ ᠭᠡᠷ ᠤᠨ ᠠᠬᠠᠮᠠᠤᠨ (ᠨᠡᠯᠢᠶᠡᠳ ᠲᠣᠭᠠᠨ ᠤ ᠥᠨᠳᠦᠷ ᠵᠡᠷᠭᠡ ᠶᠢᠨ ᠰᠤᠷᠭᠠᠨ ᠬᠥᠮᠦᠵᠢᠯ ᠭᠦᠷᠳᠡᠭ᠍ᠰᠡᠨ ᠮᠤᠩᠭ᠋ᠤᠯ ᠰᠡᠬᠡᠭᠡᠲᠡᠳ ᠪᠠᠭᠲᠠᠨ᠎ᠠ) ᠦᠨᠳᠦᠰᠦᠲᠡᠨ ᠢᠶᠡᠨ ᠭᠣᠯᠤᠬᠤ (ᠡᠰᠡᠬᠦᠯ᠎ᠡ ᠦᠯᠦ ᠬᠠᠢ᠌ᠬᠤᠷᠬᠤ) ᠦᠵᠡᠯᠲᠡ ᠲᠡᠢ ᠪᠠᠢ᠌ᠵᠤ᠂ ᠬᠢᠲᠠᠳ  ᠢᠶᠡᠷ ᠰᠤᠷᠪᠠᠯ ᠰᠠᠶ᠊ᠢ ᠭᠠᠷᠬᠤ ᠵᠠᠮ ᠥᠷᠭᠡᠨ ᠭᠡᠵᠦ ᠦᠵᠡᠵᠦ ᠪᠠᠢ᠌ᠨ᠎ᠠ᠃ ᠲᠡᠳᠡᠨᠦᠰ《ᠵᠢᠩᠬᠢᠨᠢ ᠦᠨᠳᠦᠰᠦᠲᠡᠨ ᠤ ᠶᠠᠭᠤᠮ᠎ᠠ ᠰᠠᠶ᠊ᠢ ᠳᠡᠯᠡᠬᠡᠢ ᠶᠢᠨ ᠶᠠᠭᠤᠮ᠎ᠠ》ᠭᠡᠰᠡᠨ ᠢ ᠭᠦᠩᠭᠡᠪᠴᠢᠯᠡᠵᠡᠢ᠃

ᠰᠤᠷᠭᠠᠭᠤᠯᠢ ᠶᠢᠨ ᠳᠠᠯᠠ ᠡᠴᠡ ᠥᠵᠡᠪᠡᠯ᠄ ᠪᠠᠭᠰᠢ ᠨᠡᠷ ᠤᠨ ᠦᠨᠳᠦᠰᠦᠲᠡᠨ ᠤ ᠲᠥᠯᠦᠭᠡ ᠭᠡᠬᠦ ᠰᠠᠨᠠᠭᠠᠰᠢᠷᠠᠯ ᠳᠤᠲᠠᠮᠠᠭ ᠪᠠᠢ᠌ᠬᠤ ᠪᠠ ᠦᠨᠳᠦᠰᠦᠲᠡᠨ ᠤ ᠰᠣᠶᠤᠯ ᠢᠶᠡᠨ ᠣᠯᠠᠮᠵᠢᠯᠠᠬᠤ ᠦᠵᠡᠯᠲᠡ ᠲᠠᠨᠢᠯᠲᠠ᠂ ᠠᠷᠭ᠎ᠠ ᠵᠠᠮ ᠳᠤᠲᠠᠮᠠᠭ ᠪᠠᠢ᠌ᠨ᠎ᠠ᠃ ᠮᠤᠩᠭ᠋ᠤᠯ ᠬᠡᠯᠡ ᠪᠢᠴᠢᠭ᠌ ᠤᠨ ᠪᠠᠭᠰᠢ ᠨᠡᠷ ᠤᠨ ᠵᠢᠭᠠᠨ ᠰᠤᠷᠭᠠᠬᠤ ᠠᠷᠭ᠎ᠠ ᠠᠪᠴᠠᠯ᠂ ᠰᠤᠳᠤᠯᠤᠯ ᠣᠷᠤᠯᠳᠤᠯᠭ᠎ᠠ ᠬᠤᠴᠤᠷᠤᠩᠭ᠋ᠤᠢ ᠪᠠᠢ᠌ᠨ᠎ᠠ᠃

ᠨᠠᠷᠢᠪᠴᠢᠯᠠᠨ ᠦᠵᠡᠪᠡᠯ᠂ ᠣᠳᠣᠬᠠᠨ ᠤ ᠮᠤᠩᠭ᠋ᠤᠯ ᠰᠤᠷᠤᠭᠴᠢᠳ ᠤᠨ ᠮᠤᠩᠭ᠋ᠤᠯ ᠬᠡᠯᠡ ᠪᠠᠨ ᠰᠤᠷᠬᠤ ᠤᠷᠮ᠎ᠠ ᠪᠠᠬ᠎ᠠ ᠳᠣᠣᠷ᠎ᠠ ᠪᠠᠢ᠌ᠭ᠎ᠠ ᠶᠢᠨ ᠭᠣᠣᠯ ᠰᠢᠯᠲᠠᠭᠠᠨ ᠨᠢ ᠭᠡᠷ ᠤᠨ ᠠᠬᠠᠮᠠᠤᠨ ᠭᠢᠭᠡᠤᠨ ᠪᠠᠭᠰᠢ ᠨᠡᠷ ᠲᠤ ᠪᠠᠢ᠌ᠭ᠎ᠠ ᠶᠤᠮ ᠪᠠᠢ᠌ᠨ᠎ᠠ᠃ ᠳᠠᠷᠤᠢ ᠭᠣᠣᠯ ᠬᠠᠷᠢᠭᠤᠴᠠᠯᠭ᠎ᠠ ᠨᠢ ᠭᠡᠦᠭᠡᠤᠨ ᠤᠨ ᠪᠢᠰᠢ᠂ ᠬᠠᠷᠢᠨ ᠲᠣᠮᠤᠴᠤᠤᠯ ᠤᠨ ᠶᠤᠮ᠃ ᠳᠡᠭᠡᠪᠠᠯ ᠳᠣᠣᠷ᠎ᠠ ᠪᠢ ᠰᠤᠷᠭᠠᠭᠤᠯᠢ ᠶᠢᠨ ᠳᠠᠯᠠ ᠡᠴᠡ ᠮᠤᠩᠭ᠋ᠤᠯ ᠭᠡᠦᠭᠡᠤᠨ ᠤᠨ ᠮᠤᠩᠭ᠋ᠤᠯ ᠬᠡᠯᠡ ᠰᠣᠶᠤᠯ ᠤᠨ ᠬᠢᠷᠢ ᠬᠡᠮᠵᠢᠶ᠎ᠡ ᠶᠢ ᠬᠡᠷᠬᠢᠨ ᠳᠡᠭᠡᠭ᠍ᠰᠢᠯᠡᠭᠦᠯᠭᠦ ᠲᠤᠬᠠᠢ ᠥᠪᠡᠷ ᠤᠨ ᠠᠪᠴᠤ ᠪᠠᠢ᠌ᠭ᠎ᠠ ᠠᠷᠭ᠎ᠠ ᠠᠪᠴᠠᠯ ᠪᠠ ᠡᠨᠡ ᠲᠤᠬᠠᠢ ᠦᠵᠡᠯᠲᠡ ᠪᠠᠨ ᠳᠠ ᠨᠡᠷ ᠲᠡᠢ ᠪᠠᠨ ᠬᠤᠪᠢᠶᠡᠯᠴᠡᠶ᠎ᠡ᠃

ᠡᠩ ᠳᠡᠷᠢᠭᠦᠨ ᠳᠤ᠂ ᠮᠤᠩᠭ᠋ᠤᠯ ᠰᠤᠷᠤᠭᠴᠢᠳ ᠲᠤ ᠦᠨᠳᠦᠰᠦᠲᠡᠨ ᠢᠶᠡᠨ ᠬᠠᠢ᠌ᠷᠠᠯᠠᠬᠤ ᠰᠡᠦᠡᠭᠢᠯᠭᠡ ᠶᠢ ᠬᠥᠮᠦᠵᠢᠭᠦᠯᠬᠦ ᠴᠢᠬᠤᠯᠠ ᠲᠡᠢ ᠪᠠᠢ᠌ᠨ᠎ᠠ᠃ ᠦᠨᠳᠦᠰᠦᠲᠡᠨ ᠢᠶᠡᠨ ᠬᠠᠢ᠌ᠷᠠᠯᠠᠬᠤ ᠦᠵᠡᠯᠲᠡ ᠶᠢ ᠭᠦᠮᠦᠵᠢᠭᠦᠯᠦᠶ᠎ᠡ ᠭᠡᠵᠦ ᠪᠠᠭᠰᠢ ᠨᠡᠷ ᠪᠠ ᠰᠡᠬᠡᠭᠡᠲᠡᠳ ᠶᠡᠷᠦᠨᠢ ᠣᠷᠢᠶᠠᠯᠠᠵᠤ ᠪᠠᠢ᠌ᠭ᠎ᠠ ᠪᠣᠯᠪᠠᠴᠤ ᠪᠣᠳᠠᠲᠠᠢ ᠭᠠᠷᠳᠠᠵᠤ ᠬᠢᠵᠦ ᠪᠠᠢ᠌ᠭ᠎ᠠ ᠨᠢ ᠴᠥᠭᠡᠨ᠃ ᠡᠰᠡᠬᠦᠯ᠎ᠡ ᠦᠷ᠎ᠡ ᠠᠰᠢᠭ ᠲᠡᠢ ᠠᠷᠭ᠎ᠠ ᠠᠪᠴᠠᠯ ᠴᠥᠭᠡᠨ ᠭᠡᠵᠦ ᠬᠡᠯᠡᠵᠦ ᠪᠣᠯᠤᠨ᠎ᠠ᠃《ᠮᠤᠩᠭ᠋ᠤᠯ ᠬᠥᠮᠦᠨ》 ᠭᠡᠭᠰᠡᠭᠡᠷ ᠳᠡᠯᠡᠬᠡᠢ ᠨᠠᠢ᠌ᠳᠠ ᠪᠠᠷ ᠢᠶᠡᠨ《ᠴᠢᠩᠭᠢᠰ ᠬᠠᠭᠠᠨ》 ᠢ ᠪᠣᠳᠤᠵᠤ ᠣᠯᠳᠠᠭ᠃ ᠴᠢᠩᠭᠢᠰ ᠬᠠᠭᠠᠨ ᠭᠡᠭᠰᠡᠭᠡᠷ ᠳᠡᠯᠡᠬᠡᠢ ᠨᠠᠢ᠌ᠳᠠ ᠪᠠᠷ ᠢᠶᠡᠨ 13 ᠳ᠋ᠤᠭᠠᠷ ᠵᠠᠭᠤᠨ ᠢ ᠯᠠ ᠪᠣᠳᠤᠵᠤ ᠣᠯᠳᠠᠭ᠃ ᠡᠭᠦᠨ ᠤ ᠵᠡᠷᠭᠡᠪᠡᠷ ᠮᠣᠷᠢᠨ ᠨᠢᠷᠤᠭᠤᠨ ᠳᠤ ᠠᠽᠢᠶ᠎ᠠ ᠡᠸᠥ᠋ᠷᠦᠫᠡ ᠶᠢ ᠲᠣᠭᠲᠠᠭᠠᠭᠰᠠᠨ ᠪᠠᠭᠠᠲᠤᠷ ᠦᠨᠳᠦᠰᠦᠲᠡᠨ ᠭᠡᠵᠦ ᠮᠠᠭᠳᠠᠵᠠᠭᠠᠳᠠᠭ᠃ ᠭᠡᠲᠡᠯ᠎ᠡ᠂ ᠡᠨᠡ ᠬᠦ ᠪᠠᠭᠠᠲᠤᠷ ᠦᠨᠳᠦᠰᠦᠲᠡᠨ ᠨᠢ ᠵᠥᠪᠬᠡᠨ《ᠪᠡᠶ᠎ᠡ ᠪᠠᠭᠠᠲᠤᠷ》ᠲᠡᠳᠦᠢ ᠯᠠ ᠪᠢᠰᠢ《ᠪᠢᠯᠢᠭ᠌ ᠨᠠᠩ ᠬᠤᠷᠴᠠ》 ᠭᠡᠳᠡᠭ ᠢ ᠣᠯᠠᠩᠭᠢ ᠬᠥᠮᠦᠰ ᠣᠮᠳᠤᠭᠠᠢ᠌ᠯᠠᠵᠤ ᠪᠠᠢ᠌ᠨ᠎ᠠ᠃ ᠬᠡᠳᠦᠨ ᠲᠢᠪ ᠢ ᠰᠤᠨᠳᠠᠯᠠᠭᠰᠠᠨ ᠤᠯᠤᠰ ᠢ ᠪᠠᠢ᠌ᠭᠤᠯᠤᠭᠰᠠᠨ ᠡᠨᠡ ᠬᠦ ᠦᠨᠳᠦᠰᠦᠲᠡᠨ ᠳᠤ ᠣᠬᠤᠴᠢᠯᠠᠭᠠᠤᠨ ᠪᠠᠷᠠᠰᠢ ᠦᠭᠡᠶ ᠲᠣᠮᠤ ᠣᠶᠤᠨ ᠤᠬᠠᠭᠠᠨ ᠭᠢᠭᠡᠤᠨ ᠰᠣᠶᠤᠯ ᠤᠨ ᠬᠦᠴᠦᠨ ᠨᠢᠭᠤᠭᠳᠠᠵᠤ ᠪᠠᠢ᠌ᠨ᠎ᠠ ᠭᠡᠳᠡᠭ ᠢ ᠣᠮᠳᠤᠭᠠᠢ᠌ᠯᠠᠵᠤ ᠪᠠᠢ᠌ᠨ᠎ᠠ᠃ ᠡᠢ᠌ᠮᠤ ᠡᠴᠡ ᠮᠤᠩᠭ᠋ᠤᠯ ᠰᠣᠶᠤᠯ ᠤᠨ ᠡᠴᠢᠨ᠎ᠡ ᠭᠦᠨ ᠢ ᠠᠭᠤᠳᠠᠯᠠᠬᠤ ᠨᠢ ᠰᠤᠷᠤᠭᠴᠢᠳ ᠲᠤ ᠠᠪᠴᠤ ᠬᠡᠯᠡᠪᠡᠯ ᠣᠮᠤᠭᠰᠢᠯ ᠲᠡᠢ᠂ ᠰᠣᠨᠢᠷᠬᠠᠯ ᠲᠡᠢ ᠣᠴᠢᠷ ᠪᠣᠯᠬᠤ ᠶᠤᠮ᠃ ᠰᠤᠷᠤᠭᠴᠢᠳ ᠤᠨ ᠳᠤᠷ᠎ᠠ ᠪᠠᠬ᠎ᠠ ᠶᠢ ᠥᠨᠡᠩᠭᠦ ᠳᠠᠳᠠᠵᠤ ᠳᠡᠢ᠌ᠯᠳᠡᠭ᠌ ᠶᠤᠮ ᠪᠣᠯ ᠰᠤᠷᠭᠠᠵᠤ ᠳᠡᠢ᠌ᠯᠭᠦ ᠦᠭᠡᠶ ᠭᠡᠵᠦ ᠵᠣᠪᠠᠬᠤ ᠭᠠᠵᠠᠷ ᠠᠯᠠᠭ᠎ᠠ᠃

ᠳᠠᠷᠠᠭ᠎ᠠ ᠳᠤᠨᠢ᠂ ᠮᠤᠩᠭ᠋ᠤᠯ ᠬᠡᠯᠡ ᠰᠣᠶᠤᠯ ᠢᠶᠡᠨ ᠳᠡᠯᠭᠡᠷᠡᠭᠦᠯᠤᠨ ᠣᠷᠮᠠᠰᠢᠭᠤᠯᠬᠤ ᠪᠣᠳᠠᠲᠤ ᠠᠷᠭ᠎ᠠ ᠠᠪᠴᠠᠯ ᠪᠠᠢ᠌ᠬᠤ ᠭᠡᠷᠡᠭ᠍ᠳᠡᠢ᠃ ᠥᠪᠡᠷ ᠤᠨ ᠮᠥᠴᠢᠳ ᠰᠠᠨᠠᠯ ᠢᠶᠡᠨ ᠳᠤᠷᠠᠳᠤᠪᠠᠯ :

ᠰᠤᠷᠭᠠᠭᠤᠯᠢ ᠶᠢᠨ ᠬᠦᠷᠢᠶ᠎ᠡ ᠶᠢᠨ ᠣᠷᠴᠢᠨ ᠲᠣᠭᠤᠷᠢᠨ ᠢᠶᠡᠨ ᠦᠨᠳᠦᠰᠦᠲᠡᠨ ᠤ ᠣᠨᠴᠠᠯᠢᠭ ᠢᠯᠡ ᠲᠣᠳᠤ ᠪᠠᠢ᠌ᠯᠭᠠᠬᠤ᠃ ᠦᠨᠳᠦᠰᠦᠲᠡᠨ ᠪᠣᠯᠭᠠᠨ ᠥᠪᠡᠷᠮᠢᠴᠡ ᠣᠨᠴᠠᠯᠢᠭ ᠪᠠᠢ᠌ᠳᠠᠭ ᠪᠥᠭᠡᠳ ᠳᠡᠭᠦᠨ ᠢᠶᠡᠨ ᠢᠯᠡᠷᠡᠭᠦᠯᠤᠨ ᠳᠡᠯᠭᠡᠷᠡᠭᠦᠯᠭᠦ ᠶᠢ ᠤᠯᠤᠰ ᠡᠴᠡ ᠬᠣᠷᠢᠭᠯᠠᠳᠠᠭ ᠦᠭᠡᠶ᠂ ᠬᠠᠷᠢᠨ ᠳᠡᠮᠵᠢᠳᠡᠭ᠌᠃ ᠭᠡᠷ ᠪᠠᠷᠢᠯᠭ᠎ᠠ ᠡᠴᠡ ᠡᠭᠢᠯᠡᠭᠡᠤᠨ ᠠᠩᠭᠢ ᠶᠢᠨ ᠭᠡᠷ ᠤᠨ ᠳᠤᠳᠤᠨ᠎ᠠ ᠭᠠᠳᠠᠨ᠎ᠠ᠂ ᠥᠵᠡᠭᠦᠯᠦᠯᠭᠡ ᠶᠢᠨ ᠰᠠᠮᠪᠠᠷ᠎ᠠ᠂ ᠤᠷᠢᠶ᠎ᠠ ᠯᠤᠤᠽᠤᠩ᠂ ᠬᠤᠪᠴᠠᠰᠤ ᠵᠠᠰᠠᠯ ᠬᠦᠷᠲᠡᠯ᠎ᠡ ᠪᠦᠷ ᠮᠤᠩᠭ᠋ᠤᠯ ᠣᠨᠴᠠᠯᠢᠭ ᠢᠶᠡᠨ ᠪᠦᠷᠢᠨ ᠢᠯᠡᠷᠡᠭᠦᠯᠪᠠᠯ ᠵᠣᠬᠢᠨ᠎ᠠ᠃

ᠪᠠᠭᠰᠢ ᠰᠤᠷᠤᠭᠴᠢ ᠶᠢᠨ ᠬᠡᠯᠡ ᠬᠡᠯᠡᠯᠭᠡ ᠴᠤᠯ ᠮᠤᠩᠭ᠋ᠤᠯ ᠪᠠᠢ᠌ᠬᠤ ᠶᠢ ᠱᠠᠭᠠᠷᠳᠠᠵᠤ ᠪᠠᠭᠰᠢ ᠰᠤᠷᠤᠭᠴᠢ ᠶᠢᠨ ᠳᠤᠮᠳᠠ ᠦᠨᠳᠦᠰᠦᠲᠡᠨ ᠤ ᠬᠡᠯᠡ ᠰᠣᠶᠤᠯ ᠢᠶᠡᠨ ᠭᠦᠡᠳᠦᠦᠡᠭᠡᠵᠤ ᠭᠦᠭ᠍ᠵᠢᠭᠦᠯᠭᠦ ᠠᠭᠤᠷ ᠠᠮᠢᠰᠭᠤᠯ ᠢ ᠥᠳᠭᠡᠨ ᠪᠣᠯᠭᠠᠬᠤ ᠬᠡᠷᠡᠭᠲᠡᠢ᠃

ᠰᠤᠷᠭᠠᠭᠤᠯᠢ ᠶᠢᠨ ᠬᠦᠷᠢᠶᠡᠨ ᠤ ᠰᠣᠶᠤᠯ ᠤᠨ ᠪᠦᠲᠦᠭᠡᠨ ᠪᠠᠢ᠌ᠭᠤᠯᠤᠯᠳᠠ ᠳᠤ ᠮᠤᠩᠭ᠋ᠤᠯ ᠷᠠᠳᠢᠣ᠋ ᠨᠡᠪᠲᠡᠷᠡᠭᠦᠯᠭᠡ᠂ ᠰᠣᠨᠢᠨ᠂ ᠰᠢᠯᠦᠭ ᠵᠣᠬᠢᠶᠠᠯ ᠤᠨ ᠣᠷᠤᠯᠳᠤᠭᠠᠨ ᠢᠯᠡᠭᠦᠦ ᠡᠷᠬᠢᠯᠡᠨ ᠶᠠᠪᠣᠬᠳᠡᠭᠤᠯᠪᠡᠯ ᠵᠣᠬᠢᠨ᠎ᠠ᠃

ᠦᠨᠳᠦᠰᠦᠲᠡᠨ ᠤ ᠰᠣᠶᠤᠯ ᠤᠨ ᠬᠠᠮᠢᠶ᠎ᠠ ᠪᠥᠬᠦᠢ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠵᠣᠬᠢᠶᠠᠨ ᠨᠠᠢ᠌ᠷᠠᠭᠤᠯᠵᠤ ᠡᠢ᠌ᠮᠦᠷᠭᠦ ᠬᠢᠴᠢᠶᠡᠯᠯᠡᠭᠡ ᠨᠡᠭᠡᠭᠡᠵᠤ ᠪᠣᠯᠤᠨ᠎ᠠ᠃ ᠡᠢ᠌ᠮᠦᠷᠭᠦ ᠵᠢᠭᠠᠬᠤ ᠮᠠᠲ᠋ᠧᠷᠢᠶᠠᠯ ᠳᠤ ᠣᠷᠤᠭᠤᠯᠬᠤ ᠴᠢᠬᠤᠯᠠᠲᠠᠢ ᠠᠭᠤᠯᠭ᠎ᠠ ᠶᠢᠨ ᠲᠤᠬᠠᠢ ᠮᠢᠨᠦ ᠰᠠᠨᠠᠯ ᠪᠣᠯ :

ᠮᠤᠩᠭ᠋ᠤᠯ ᠦᠨᠳᠦᠰᠦᠲᠡᠨ ᠤ ᠡᠭᠡ ᠪᠠᠢ᠌ᠭᠠᠯᠢ ᠲᠡᠢ ᠡᠶ᠎ᠡ ᠵᠣᠬᠢᠴᠠᠯᠳᠤᠨ ᠠᠮᠢᠳᠤᠷᠠᠳᠠᠭ ᠣᠵᠤᠭᠤᠷ ᠰᠣᠶᠤᠯ᠂ ᠮᠤᠩᠭ᠋ᠤᠯᠴᠤᠳ ᠤᠨ ᠥᠪᠡᠷᠮᠢᠴᠡ ᠭᠡᠷ ᠤᠨ ᠰᠤᠷᠭᠠᠯ ᠂ ᠮᠤᠩᠭ᠋ᠤᠯ ᠠᠮᠢᠳᠤᠷᠠᠯ ᠠᠬᠤᠢ᠂ ᠵᠠᠩ ᠵᠠᠩᠰᠢᠯ ᠳᠠᠬᠢ ᠣᠯᠠᠮᠵᠢᠯᠠᠭᠤᠰᠢᠳᠠᠢ ᠳᠠᠪᠠᠭᠤᠯᠢᠭ ᠵᠣᠢ᠌ᠯ ᠊᠊᠊᠊᠊᠊ ᠭᠠᠯ ᠤᠨ ᠠᠶᠤᠯ ᠂ ᠭᠠᠵᠠᠷ ᠬᠥᠳᠡᠯᠦᠯᠲᠡ ᠡᠴᠡ ᠠᠶᠤᠳᠠᠭ ᠦᠭᠡᠶ ᠮᠤᠩᠭ᠋ᠤᠯ ᠭᠡᠷ᠂ ᠰᠢᠮ᠎ᠡ ᠲᠡᠵᠢᠭᠡᠯ ᠰᠠᠢ᠌ᠳᠠᠢ ᠮᠥᠷᠳᠡᠭᠡᠨ ᠡᠪᠠᠦᠡᠴᠢᠨ ᠳᠠᠬᠤᠯ ᠵᠠᠰᠠᠵᠤ ᠳᠡᠢ᠌ᠯᠳᠡᠭ᠌ ᠴᠠᠭᠠᠨ ᠢᠳᠡᠭᠡᠨ ᠁ ᠵᠡᠷᠭᠡ ᠶᠢ ᠰᠢᠭᠤᠳ ᠳᠡᠯᠭᠡᠨ ᠥᠵᠡᠭᠦᠯᠵᠤ ᠪᠣᠯᠤᠨ᠎ᠠ᠃ ᠮᠥᠨ ᠴᠤ᠂ ᠳᠡᠯᠡᠬᠡᠢ ᠳᠤ ᠠᠯᠳᠠᠷᠲᠠᠢ ᠶᠠᠰᠤ ᠪᠠᠷᠢᠬᠤ ᠮᠡᠷᠭᠡᠵᠢᠯ ᠢ ᠪᠠᠭᠲᠠᠭᠠᠭᠰᠠᠨ ᠮᠤᠩᠭ᠋ᠤᠯ ᠡᠮ ᠡᠮᠨᠡᠯᠭᠡ ᠁ ᠭᠡᠬᠦ ᠵᠡᠷᠭᠡ ᠵᠢ ᠤᠬᠠᠭᠤᠯᠤᠨ ᠰᠤᠷᠳᠡᠯᠴᠢᠯᠡᠵᠤ ᠪᠣᠯᠤᠨ᠎ᠠ᠃

ᠭᠤᠲᠠᠭᠠᠷ ᠲᠤ᠂ ᠮᠤᠩᠭ᠋ᠤᠯ ᠬᠡᠯᠡ ᠪᠢᠴᠢᠭ᠌ ᠤᠨ ᠪᠠᠭᠰᠢ ᠶᠢ ᠰᠢᠯᠢᠳᠡᠭ ᠡᠴᠡ ᠰᠢᠯᠢᠳᠡᠭ ᠢ ᠨᠢ ᠰᠤᠩᠭ᠋ᠤᠵᠤ ᠵᠢᠭᠠᠬᠤ ᠠᠷᠭ᠎ᠠ᠂ ᠬᠢᠴᠢᠶᠡᠯᠯᠡᠭᠡ ᠶᠢᠨ ᠬᠡᠯᠪᠡᠷᠢ ᠳᠤ ᠵᠣᠷᠢᠭᠲᠠᠢ ᠥᠭᠡᠷᠡᠴᠢᠯᠡᠯᠲᠡ ᠬᠢᠵᠦ ᠰᠤᠷᠤᠭᠴᠢ ᠶᠢᠨ ᠤᠷᠮ᠎ᠠ ᠪᠠᠬ᠎ᠠ ᠶᠢ ᠳᠠᠳᠠᠬᠤ ᠭᠡᠷᠡᠭ᠍ᠳᠡᠢ᠃ ᠰᠢᠨ᠎ᠡ ᠮᠡᠷᠭᠡᠵᠢᠯ᠂ ᠺᠣᠮᠫᠢᠦ᠋ᠲ᠋ᠧᠷ᠂ ᠲᠣᠣᠷ ᠰᠦᠯᠵᠢᠶ᠎ᠡ ᠵᠡᠷᠭᠡ ᠶᠢ ᠮᠤᠩᠭ᠋ᠤᠯ ᠬᠡᠯᠡᠨ ᠤ ᠬᠢᠴᠢᠶᠡᠯ ᠳᠤ ᠭᠦᠢᠴᠡᠳ ᠬᠡᠷᠡᠭᠯᠡᠵᠦ᠂ ᠣᠢ᠌ᠯᠠᠳᠤᠯ ᠢ ᠨᠢ ᠰᠠᠢ᠌ᠳᠤᠷ ᠪᠠᠳᠠᠷᠠᠭᠤᠯᠬᠤ ᠴᠢᠬᠤᠯᠠᠲᠠᠢ᠃ ᠪᠠᠭᠰᠢ ᠰᠤᠷᠤᠭᠴᠢ ᠪᠦᠬᠦᠨ ᠺᠣᠮᠫᠢᠦ᠋ᠲ᠋ᠧᠷ᠂ ᠮᠤᠩᠭ᠋ᠤᠯ ᠰᠦᠯᠵᠢᠶ᠎ᠡ ᠶᠢ ᠪᠣᠯᠪᠠᠰᠤᠷᠠᠩᠭ᠋ᠤᠢ ᠠᠰᠢᠭᠯᠠᠵᠤ ᠴᠢᠳᠠᠬᠤ ᠬᠢᠷᠢ ᠬᠡᠮᠵᠢᠶ᠎ᠡ ᠪᠠ ᠳᠠᠤᠠᠬᠠᠯ ᠲᠡᠢ ᠪᠣᠯᠬᠤ ᠴᠢᠬᠤᠯᠠᠲᠠᠢ᠃ ᠡᠨᠡ ᠳᠠᠯᠠ ᠪᠠᠷ ᠮᠤᠩᠭ᠋ᠤᠯᠴᠤᠳ ᠣᠳᠤ ᠳᠠᠭᠠᠨ ᠪᠠᠭ᠎ᠠ ᠬᠤᠴᠤᠷᠤᠩᠭ᠋ᠤᠢ ᠪᠠᠢ᠌ᠬᠤ ᠪᠣᠯᠪᠠᠴᠤ ᠬᠥᠭᠡᠭᠡᠵᠦ ᠭᠦᠢᠴᠡᠬᠦ ᠨᠥᠬᠦᠴᠡᠯ ᠪᠦᠷᠢᠨ ᠪᠣᠢ᠃

ᠳᠥᠷᠪᠡ ᠳᠤ᠂ ᠮᠤᠩᠭ᠋ᠤᠯ ᠬᠡᠯᠡ ᠪᠢᠴᠢᠭ᠌ ᠤᠨ ᠵᠢᠭᠠᠨ ᠰᠤᠷᠭᠠᠯᠲᠠ ᠶᠢᠨ ᠰᠦᠯᠵᠢᠶ᠎ᠡ ᠶᠢ ᠪᠠᠢ᠌ᠭᠤᠯᠵᠤ ᠰᠤᠷᠭᠠᠭᠤᠯᠢ ᠨᠤᠭᠤᠳ ᠤᠨ ᠬᠣᠭᠤᠷᠤᠨᠳᠤ᠂ ᠵᠡᠭᠦᠨ ᠪᠠᠷᠠᠭᠤᠨ ᠣᠷᠤᠨ ᠤ ᠬᠣᠭᠤᠷᠤᠨᠳᠤ᠂ ᠬᠤᠳᠠ ᠬᠥᠳᠡᠭᠡ ᠶᠢᠨ ᠬᠣᠭᠤᠷᠤᠨᠳᠤᠬᠢ ᠵᠢᠭᠠᠨ ᠰᠤᠷᠭᠠᠯᠲᠠ ᠵᠢᠨ ᠰᠣᠯᠢᠯᠴᠠᠭ᠎ᠠ ᠶᠢ ᠠᠬᠢᠭᠤᠯᠬᠤ ᠴᠢᠬᠤᠯᠠᠲᠠᠢ᠃ ᠲᠥᠷᠦᠯᠬᠢ ᠬᠡᠯᠡ ᠶᠢᠨ ᠬᠥᠭ᠍ᠵᠢᠯᠲᠡ ᠶᠢᠨ ᠲᠥᠯᠦᠭᠡ ᠰᠠᠨᠠᠭᠠᠰᠢᠷᠠᠨ ᠰᠠᠤᠠᠭᠢᠵᠤ ᠵᠣᠬᠢᠰᠲᠠᠢ ᠪᠦᠲᠦᠮᠵᠢᠲᠡᠢ ᠠᠷᠭ᠎ᠠ ᠤᠬᠠᠭᠠᠨ ᠰᠣᠪᠢᠵᠤ ᠪᠠᠢ᠌ᠭ᠎ᠠ ᠡᠷᠳᠡᠮᠲᠡᠳ ᠪᠠᠰᠠ ᠮᠤᠩ ᠦᠭᠡᠶ᠂ ᠳᠠᠪᠠᠭᠤᠯᠢᠭ ᠢᠶᠡᠨ ᠴᠠᠭ ᠲᠤᠬᠠᠢ ᠳᠤᠨᠢ ᠰᠣᠯᠢᠯᠴᠠᠵᠤ ᠬᠠᠮᠲᠤᠪᠠᠷ ᠵᠦᠪᠯᠠᠪᠠᠯ᠂ ᠤᠯᠠᠨ ᠤ ᠬᠦᠴᠦᠨ ᠳᠤ ᠣᠪᠤᠭ᠎ᠠ ᠭᠦᠳᠦᠯᠦᠭ᠍ᠳᠡᠭᠦ ᠨᠢ ᠯᠠᠪᠲᠠᠢ᠃

ᠶᠡᠷᠦᠩᠭᠡᠢ᠌ᠯᠡᠭᠪᠡᠯ᠂ ᠠᠴᠢᠯᠠᠯ ᠲᠡᠢ ᠭᠡᠦᠭᠡᠤᠨ ᠡᠭᠡ ᠪᠠᠨ ᠭᠣᠯᠤᠬᠤ ᠦᠭᠡᠶ᠂ ᠡᠭᠡ ᠪᠠᠨ ᠭᠣᠯᠤᠬᠤ ᠦᠭᠡᠶ ᠭᠡᠦᠭᠡᠤᠨ ᠦᠨᠳᠦᠰᠦᠲᠡᠨ ᠢᠶᠡᠨ ᠭᠣᠯᠤᠬᠤ ᠦᠭᠡᠶ᠃ ᠦᠨᠳᠦᠰᠦᠲᠡᠨ ᠤ ᠮᠠᠨᠳᠤᠯ ᠬᠥᠭ᠍ᠵᠢᠯ ᠳᠤ ᠰᠠᠨᠠᠭᠠᠰᠢᠷᠠᠵᠤ ᠪᠦᠬᠦᠢ ᠬᠥᠮᠦᠨ ᠪᠣᠯᠭᠠᠨ ᠥᠪᠡᠷ ᠤᠨ ᠬᠣᠢ᠌ᠴᠢ ᠦᠶ᠎ᠡ ᠶᠢᠨ ᠭᠢᠨ ᠳᠡᠭᠡᠨ ᠦᠨᠡᠠᠴᠢ ᠪᠥᠭᠡᠳ ᠭᠣᠶᠠᠴᠢ ᠦᠭᠡᠶ ᠪᠠᠢ᠌ᠵᠤ ᠣᠶᠤᠨ ᠲᠠᠷᠢᠬᠢ ᠪᠠᠨ ᠰᠢᠪᠬᠠᠨ ᠠᠭᠤᠰᠭᠢ ᠵᠢᠷᠦᠬᠡ ᠪᠠᠨ ᠠᠭᠤᠳᠠᠯᠯᠡᠵᠤ ᠦᠨᠳᠦᠰᠦ ᠤᠭᠰᠠᠭ᠎ᠠ ᠪᠠᠨ ᠮᠠᠨᠳᠤᠭᠤᠯᠬᠤ ᠣᠢ᠌ᠯᠠᠰ ᠢ ᠡᠷᠡᠰ ᠳᠠᠰᠤᠷᠠᠬᠠᠢ ᠡᠭᠦᠷᠭᠡᠯᠡᠬᠦ ᠭᠡᠷᠡᠭ᠍ᠳᠡᠢ᠃ ᠲᠥᠷᠦᠯᠬᠢ ᠬᠡᠯᠡ ᠪᠠᠷ ᠢᠶᠡᠨ ᠰᠤᠷᠴᠤ ᠳᠡᠯᠡᠬᠡᠢ ᠳᠤ ᠨᠡᠷᠡᠲᠡᠢ ᠡᠷᠳᠡᠮᠲᠡᠨ ᠪᠣᠯᠤᠭᠰᠠᠨ ᠰᠢᠭᠤᠷᠭᠠᠨ᠂ ᠪᠠ᠊ · ᠭᠡᠷᠡᠯᠲᠦ᠂ ᠸᠠᠩ ᠪᠠᠭᠠᠲᠤᠷ ᠨᠡᠷ ᠰᠢᠭ ᠦᠨᠳᠦᠰᠦᠲᠡᠨ ᠳᠡᠭᠡᠨ ᠥᠩᠭᠡ ᠭᠡᠷᠡᠯ ᠢ ᠨᠡᠮᠡᠷᠢᠯᠡᠵᠦ ᠪᠠᠢ᠌ᠭ᠎ᠠ ᠰᠢᠨᠳᠠᠰᠤ ᠬᠠᠲᠠᠭᠤ ᠮᠤᠩᠭ᠋ᠤᠯ ᠡᠷ᠎ᠡ ᠰᠢᠨ᠎ᠡ ᠴᠠᠭ ᠦᠶ᠎ᠡ ᠳᠤ ᠪᠠᠰᠠ ᠢᠯᠡᠷᠡᠭ᠍ᠰᠡᠭᠡᠷ ᠪᠠᠢ᠌ᠭ᠎ᠠ ᠶᠢ ᠳᠤᠳᠤᠷᠠᠬᠠᠢ ᠮᠡᠳᠡᠭᠦᠯᠵᠤ᠂ ᠬᠣᠢ᠌ᠰᠢᠳᠠ ᠨᠠᠩ ᠣᠯᠠᠨ ᠴᠣᠯᠭᠤᠷᠠᠨ ᠭᠠᠷᠬᠤ ᠢᠲᠡᠭᠡᠯ ᠬᠦᠰᠡᠯ ᠢ ᠭᠡᠦᠭᠡᠤᠨ ᠪᠣᠯᠭᠠᠨ ᠳᠤ ᠢᠲᠡᠭᠡᠭᠦᠯᠬᠦ ᠴᠢᠬᠤᠯᠠᠲᠠᠢ ᠪᠠᠢ᠌ᠨ᠎ᠡ᠃

( ᠵᠠᠷᠤᠳ ᠬᠣᠰᠢᠭᠤᠨ ᠤ ᠭᠡᠷᠴᠢᠯᠡᠭᠤ ᠰᠤᠷᠭᠠᠭᠤᠯᠢ᠂ ᠵᠣᠬᠢᠶᠠᠭᠴᠢ᠄ ᠦᠨᠡᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃