lt
ᠰᠤᠶᠤᠯ ᠲᠡᠤᠬᠡ
ᠪᠠᠡᠡᠰᠢ ᠬᠥᠮᠦᠨ ᠶᠠᠭᠠᠬᠢᠵᠤ ᠮᠠᠲ᠋ᠧᠷᠢᠶᠠᠯ ᠴᠤᠭᠯᠠᠭᠤᠯᠬᠤ ᠲᠤᠬᠠᠢ ᠮᠦᠴᠢᠤᠨ ᠥᠭᠦᠯᠡᠬᠦ ᠨᠢ
2016.07.19 ᠲᠣᠰ ᠥᠷᠲᠡᠭᠡᠨ ᠦ ᠨᠠᠢᠷᠠᠭᠤᠯᠤᠭᠴᠢ

ᠪᠡ᠊ ᠂ ᠤᠳᠽᠡᠷ

ᠵᠢᠭᠠᠵᠤ ᠰᠤᠷᠭᠠᠬᠤ ᠪᠡ ᠵᠢᠭᠠᠵᠤ ᠰᠤᠷᠭᠠᠬᠤ ᠶᠢ ᠰᠤᠳᠤᠯᠬᠤ ᠠᠵᠢᠯ ᠤᠨ ᠶᠠᠪᠤᠴᠠ ᠳᠤ ᠳᠤᠮᠳᠠᠳᠤ ᠪᠠᠭ᠎ᠠ ᠰᠤᠷᠭᠠᠭᠤᠯᠢ ᠶᠢᠨ ᠨᠢᠭᠡ ᠬᠡᠰᠡᠭ ᠪᠠᠡᠡᠰᠢ ᠨᠡᠷ ᠲᠤ ᠮᠠᠲ᠋ᠧᠷᠢᠶᠠᠯ ᠬᠤᠮᠰᠡᠳᠡᠵᠦ ᠂ ᠪᠤᠲᠤᠵᠦ ᠰᠠᠨᠠᠡᠡᠰᠡᠨ ᠢᠶᠠᠨ ᠢᠯᠡᠳᠭᠡᠬᠦ ᠳᠤ ᠬᠦᠴᠢᠷᠳᠡᠵᠦ ᠪᠠᠢᠲᠠᠬ ᠃ ᠲᠡᠢᠮᠦ ᠡᠴᠡ ᠡᠨᠡ ᠠᠰᠠᠭᠤᠳᠠᠯ ᠢ ᠰᠢᠳᠪᠤᠷᠢᠯᠡ ᠡᠶ᠎ᠡ ᠭᠡᠪᠡᠯ ᠡᠷᠬᠡᠪᠰᠢ ᠣᠯᠠᠨ ᠲᠠᠯ᠎ᠠ ᠪᠠᠷ ᠮᠠᠲ᠋ᠧᠷᠢᠶᠠᠯ ᠴᠤᠭᠯᠠᠭᠤᠯᠬᠤ ᠳᠠᠳᠭᠠᠯ ᠲᠠᠢ ᠪᠣᠯᠬᠤ ᠬᠡᠷᠡᠭᠲᠡᠢ ᠃

ᠨᠢᠭᠡ ᠂ ᠮᠠᠲ᠋ᠧᠷᠢᠶᠠᠯ ᠴᠤᠭᠯᠠᠭᠤᠯᠬᠤ ᠠᠷᠭ᠎ᠠ

ᠪᠠᠡᠡᠰᠢ ᠨᠠᠷ ᠮᠠᠲ᠋ᠧᠷᠢᠶᠠᠯ ᠴᠤᠭᠯᠠᠭᠤᠯᠬᠤ  ᠳᠤ ᠭᠣᠣᠯᠳᠠᠭᠤ ᠭᠤᠷᠪᠠᠨ ᠲᠠᠯ᠎ᠠ ᠶᠢ ᠴᠢᠬᠤᠯᠡᠴᠢᠯᠠᠡᠡᠰᠡᠨ ᠪᠠᠢᠬᠤ ᠬᠡᠷᠡᠭᠲᠡᠢ ᠃ ᠡᠭᠦᠨ ᠳᠤ ᠂ ᠨᠢᠭᠡ ᠳᠤ ᠂ ᠦᠰᠦᠭ ᠪᠢᠴᠢᠭ᠌ ᠤᠨ ᠮᠠᠲ᠋ᠧᠷᠢᠶᠠᠯ ᠃ ᠬᠣᠶᠠᠷ ᠲᠤ ᠂ ᠵᠢᠷᠤᠭ ᠬᠦᠰᠦᠨᠦᠭ ᠤᠨ ᠮᠠᠲ᠋ᠧᠷᠢᠶᠠᠯ ︔ ᠭᠤᠷᠪᠠ ᠳᠤ ᠂ ᠲᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠪᠣᠯᠤᠨ᠎ᠠ ᠃ ᠡᠩ ᠤᠨ ᠪᠠᠢᠳᠠᠯ ᠳᠣᠣᠷ᠎ᠠ ᠦᠰᠦᠭ ᠪᠢᠴᠢᠭ᠌ ᠤᠨ ᠮᠠᠲ᠋ᠧᠷᠢᠶᠠᠯ ᠨᠢ ᠨᠠᠯᠢᠶᠡᠤᠨ ᠥᠷᠭᠡᠨ ᠬᠡᠪᠴᠢᠶ᠎ᠡ ᠲᠠᠢ ᠪᠠᠢᠵᠤ ᠂ ᠴᠤᠭᠯᠠᠭᠤᠯᠬᠤ  ᠳᠤ ᠠᠮᠡᠷᠬᠠᠨ ᠪᠠᠢᠲᠠᠬ ᠃ ᠳᠣᠣᠷ᠎ᠠ ᠪᠢ ᠦᠰᠦᠭ ᠪᠢᠴᠢᠭ᠌ ᠤᠨ ᠮᠠᠲ᠋ᠧᠷᠢᠶᠠᠯ ᠴᠤᠭᠯᠠᠭᠤᠯᠬᠤ ᠬᠡᠳᠦᠨ ᠵᠦᠢᠯ ᠤᠨ ᠠᠷᠭ᠎ᠠ ᠡᠴᠡ ᠳᠥᠭᠦᠮ ᠲᠠᠨᠢᠯᠴᠠᠭᠤᠯᠤᠶ᠎ᠠ ᠃

( ᠨᠢᠭᠡ ) ᠴᠤᠭᠯᠠᠭᠤᠯᠤᠨ ᠤᠯᠳᠡᠰᠡᠨ ᠮᠠᠲ᠋ᠧᠷᠢᠶᠠᠯ ᠢᠶᠠᠨ ᠡᠮᠬᠢᠳᠭᠡᠨ ᠴᠡᠭᠴᠡᠯᠡᠵᠦ ᠬᠠᠳᠠᠭᠠᠯᠠᠬᠤ ᠠᠷᠭ᠎ᠠ ᠃ ᠡᠨᠡ ᠨᠢ ᠭᠣᠣᠯᠳᠠᠭᠤ ᠦᠵᠡᠭᠰᠡᠨ ᠪᠤᠶᠤ ᠤᠩᠰᠢᠡᠡᠰᠡᠨ ᠦᠨ᠎ᠡ ᠴᠡᠨ᠎ᠠ ᠲᠠᠢ ᠮᠠᠲ᠋ᠧᠷᠢᠶᠠᠯ ᠢ ᠨᠠᠯᠢᠶᠡᠤᠨ ᠪᠦᠷᠢᠨ ᠢᠶᠠᠷ ᠡᠮᠬᠢᠳᠭᠡᠨ ᠴᠡᠭᠴᠡᠯᠠᠵᠦ ᠬᠠᠳᠠᠭᠠᠯᠠᠬᠤ ᠠᠷᠭ᠎ᠠ ᠪᠣᠯᠤᠨ᠎ᠠ ᠃ ᠡᠢᠮᠦ ᠠᠷᠭ᠎ᠠ ᠶᠢ ᠰᠤᠷᠠᠬ ᠴᠢᠮᠡᠭᠡᠨ ᠤ ᠬᠡᠮᠵᠢᠶ᠎ᠡ ᠪᠠᠷ ᠨᠠᠯᠢᠶᠡᠤᠨ ᠶᠡᠬᠡ ᠂ ᠠᠭᠤᠯᠭ᠎ᠠ ᠨᠢ ᠨᠠᠯᠢᠶᠡᠤᠨ ᠪᠠᠶᠠᠯᠢᠭ ᠂ ᠨᠠᠯᠢᠶᠡᠤᠨ ᠲᠥᠪᠯᠡᠷᠡᠭᠰᠡᠨ ᠮᠠᠲ᠋ᠧᠷᠢᠶᠠᠯ ᠡᠴᠡ ᠴᠤᠭᠯᠠᠭᠤᠯᠬᠤ  ᠳᠤ ᠬᠡᠷᠡᠭᠯᠡᠨ᠎ᠠ ᠃ ᠵᠢᠱᠢᠶᠡᠯᠡᠪᠡᠯ ᠂ ᠵᠢᠭᠠᠵᠤ ᠰᠤᠷᠭᠠᠭᠤ ᠳᠤ ᠬᠢᠨᠡᠯᠳᠡ ᠪᠣᠯᠭᠠᠬᠤ ᠯᠡᠪᠯᠡᠯᠳᠡ ᠶᠢᠨ ᠮᠠᠲ᠋ᠧᠷᠢᠶᠠᠯ ᠂ ᠰᠤᠷᠳᠡᠴᠢᠤᠨ ᠢ ᠳᠠᠪᠲᠠᠵᠤ ᠪᠣᠯᠪᠠᠰᠤᠷᠠᠭᠤᠯᠬᠤ ᠳᠤ ᠬᠤᠷᠢᠶᠠᠩᠭᠤᠢᠯᠡᠨ ᠨᠠᠢᠷᠠᠭᠤᠯᠳᠡᠰᠡᠨ ᠭᠣᠣᠯᠳᠠᠯᠭ᠎ᠠ ᠲᠠᠢ ᠰᠡᠲᠤᠪ ᠵᠡᠷᠭᠡ ᠪᠣᠯᠤᠨ᠎ᠠ ᠃

( ᠬᠣᠶᠠᠷ ) ᠲᠡᠮᠳᠡᠭᠯᠡᠨ ᠪᠢᠴᠢᠬᠦ ᠠᠷᠭ᠎ᠠ ᠃ ᠲᠡᠮᠳᠡᠭᠯᠡᠨ ᠪᠢᠴᠢᠬᠦ ᠠᠷᠭ᠎ᠠ ᠨᠢ ᠳᠠᠷᠤᠢ ᠰᠣᠨᠤᠰᠴᠤ ᠦᠵᠡᠭᠰᠡᠨ ᠦᠰᠦᠭ ᠪᠢᠴᠢᠭ᠌ ᠤᠨ ᠮᠠᠲ᠋ᠧᠷᠢᠶᠠᠯ ᠲᠤᠲᠤᠷ᠎ᠠ ᠡᠴᠡ ᠭᠣᠣᠯ ᠪᠣᠯᠬᠤ ᠪᠦᠬᠡᠤᠨ ᠦᠨ᠎ᠡ ᠴᠡᠨ᠎ᠠ ᠲᠠᠢ ᠭᠡᠵᠦ ᠦᠵᠡᠭᠰᠡᠨ ᠠᠭᠤᠯᠭ᠎ᠠ ᠶᠢ ᠲᠡᠮᠳᠡᠭᠯᠡᠵᠦ ᠠᠪᠬᠤ ᠶᠠᠪᠤᠳᠠᠯ ᠪᠣᠯᠤᠨ᠎ᠠ ᠃ ᠲᠡᠮᠳᠡᠭᠯᠡᠨ ᠪᠢᠴᠢᠬᠦ ᠳᠤ ᠬᠣᠶᠠᠷ ᠵᠦᠢᠯ ᠤᠨ ᠠᠷᠭ᠎ᠠ ᠪᠠᠢᠨ᠎ᠠ ᠃ 1. ᠺᠷᠲ ᠲᠤ ᠲᠡᠮᠳᠡᠭᠯᠡᠬᠦ ᠠᠷᠭ᠎ᠠ ᠃ ᠡᠨᠡ ᠨᠢ ᠬᠠᠮᠤᠭ ᠤᠨ ᠴᠢᠬᠤᠯᠠ ᠶᠡᠷᠦ ᠳᠡᠭᠡᠨ ᠬᠡᠷᠡᠭᠯᠡᠬᠦ ᠮᠠᠲ᠋ᠧᠷᠢᠶᠠᠯ ᠴᠤᠭᠯᠠᠭᠤᠯᠬᠤ ᠠᠷᠭ᠎ᠠ ᠪᠣᠯᠤᠨ᠎ᠠ ᠃ ᠴᠢᠬᠤᠯᠠ ᠭᠡᠰᠡᠨ ᠠᠭᠤᠯᠭ᠎ᠠ ᠪᠠᠨ ᠺᠠᠷᠲ ᠲᠤ ᠲᠡᠮᠳᠡᠭᠯᠡᠬᠦ ᠳᠤ ᠲᠥᠷᠦᠯ ᠵᠦᠢᠯ ᠬᠤᠪᠢᠶᠠᠵᠤ ᠳ᠋ᠤᠭᠠᠷᠯᠠᠬᠤ ᠬᠡᠷᠡᠭᠲᠡᠢ ᠃ ᠢᠩᠬᠢᠪᠠᠯ ᠬᠣᠵᠢᠮ ᠯᠡᠪᠯᠡᠯᠳᠡ ᠪᠣᠯᠭᠠᠵᠤ ᠦᠵᠡᠬᠦ ᠳᠤ ᠲᠤᠢᠯ ᠤᠨ ᠴᠢᠬᠤᠯᠠ ᠪᠠᠢᠲᠠᠬ ᠃ 2. ᠲᠡᠮᠳᠡᠭᠯᠡᠯ ᠤᠨ ᠳᠡᠪᠲᠡᠷ ᠲᠤ ᠲᠡᠮᠳᠡᠭᠯᠡᠬᠦ ᠠᠷᠭ᠎ᠠ ᠄ ᠡᠨᠡ ᠨᠢ ᠭᠣᠣᠯᠳᠠᠭᠤ ᠲᠤᠰᠭᠠᠢ ᠲᠡᠮᠳᠡᠭᠯᠡᠯ ᠤᠨ ᠳᠡᠪᠲᠡᠷ ᠲᠤ ᠬᠤᠯᠪᠤᠡᠡᠳᠠᠬᠤ ᠠᠭᠤᠯᠭ᠎ᠠ ᠶᠢ ᠲᠡᠮᠳᠡᠭᠯᠡᠨ ᠪᠢᠢᠴᠬᠦ ᠪᠣᠯᠤᠨ᠎ᠠ ᠃ ᠠᠳᠠᠯᠢ ᠦᠭᠡᠢ ᠲᠠᠯ᠎ᠠ ᠭᠡᠪᠡᠯ ᠲᠡᠮᠳᠡᠭᠯᠡᠯ ᠤᠨ ᠳᠡᠪᠲᠡᠷ ᠲᠤ ᠲᠡᠮᠳᠡᠭᠯᠡᠬᠦ ᠤᠨ ᠳᠡᠪᠲᠡᠷ ᠲᠤ ᠲᠡᠮᠳᠡᠭᠯᠡᠬᠦ ᠠᠭᠤᠯᠭ᠎ᠠ ᠶᠢᠨ ᠬᠡᠮᠵᠢᠶ᠎ᠡ ᠨᠢ ᠨᠠᠯᠢᠶᠡᠤᠨ ᠶᠡᠬᠡ ᠪᠠᠢᠵᠤ ᠂ ᠦᠵᠡᠭᠰᠡᠨ ᠠᠭᠤᠯᠭ᠎ᠠ ᠨᠢ ᠨᠠᠯᠢᠶᠡᠤᠨ ᠰᠢᠰᠲ᠋ᠧᠮ ᠲᠠᠢ ᠪᠦᠬᠡᠤᠨ ᠨᠠᠷᠢᠨ ᠲᠣᠳᠤᠷᠬᠠᠢ ᠲᠡᠮᠳᠡᠭᠯᠡᠵᠦ ᠪᠣᠯᠤᠨ᠎ᠠ ᠃ ᠲᠡᠮᠳᠡᠭᠯᠡᠯ ᠤᠨ ᠳᠡᠪᠲᠡᠷ ᠲᠤ ᠲᠡᠮᠳᠡᠭᠯᠡᠨ ᠪᠢᠴᠢᠵᠦ ᠮᠠᠲ᠋ᠧᠷᠢᠶᠠᠯ ᠴᠤᠭᠯᠠᠭᠤᠯᠬᠤ  ᠳᠤ ᠬᠠᠮᠤᠭ ᠤᠨ ᠰᠠᠢᠨ ᠨᠢ ᠵᠢᠵᠢᠭ᠌ ᠭᠠᠷᠴᠠᠭ ᠲᠠᠯᠪᠢᠵᠤ ᠲᠡᠮᠳᠡᠭᠯᠡᠪᠡᠯ ᠬᠣᠵᠢᠮ ᠤᠷᠪᠠᠭᠤᠯᠤᠨ ᠦᠵᠡᠬᠦ ᠳᠤ ᠶᠠᠷᠰᠢᠬ ᠲᠦᠪᠡᠭ ᠦᠭᠡᠢ ᠪᠣᠯᠤᠨ᠎ᠠ

( ᠭᠤᠷᠪᠠ ) ᠬᠠᠢᠴᠢᠯᠠᠨ ᠠᠪᠴᠢ ᠴᠤᠭᠯᠠᠭᠤᠯᠬᠤ ᠠᠷᠭ᠎ᠠ ᠃ ᠡᠨᠡ ᠨᠢ ᠭᠣᠣᠯᠳᠠᠭᠤ ᠵᠢᠭᠠᠨ ᠰᠤᠷᠭᠠᠬᠤ ᠳᠤ ᠬᠤᠯᠪᠤᠡᠡᠳᠠᠬᠤ ᠴᠢᠬᠤᠯᠠ ᠠᠭᠤᠯᠭ᠎ᠠ ᠪᠠᠨ ᠨᠣᠮ ᠪᠢᠴᠢᠭ᠌ ᠂ ᠰᠣᠨᠢᠨ ᠰᠡᠳᠭᠦᠯ ᠲᠡᠬᠡᠷ᠎ᠠ ᠡᠴᠡ ᠬᠠᠢᠴᠢᠯᠠᠨ ᠠᠪᠴᠤ ᠨᠢᠭᠡ ᠬᠠᠮᠲᠤ ᠳᠤᠨᠢ ᠪᠠᠢᠯᠭᠠᠬᠤ ᠠᠷᠭ᠎ᠠ ᠪᠣᠯᠤᠨ᠎ᠠ ᠃ ᠤᠷᠡᠡᠡᠳᠡᠨ ᠭᠡᠭᠡᠭᠳᠡᠬᠦ ᠡᠴᠡ ᠰᠡᠷᠭᠡᠢᠯᠡᠬᠦ ᠶᠢᠨ ᠲᠥᠯᠦᠭᠡ ᠲᠤᠰᠭᠠᠢ ᠨᠢᠭᠡ ᠬᠠᠲᠠᠭᠤ ᠭᠠᠳᠠᠷ ᠲᠠᠢ ᠳᠡᠪᠲᠡᠷ ᠪᠡᠯᠡᠳᠭᠡᠵᠦ ᠬᠠᠢᠴᠢᠯᠠᠨ ᠠᠪᠤᠡᠡᠰᠡᠨ ᠮᠠᠲ᠋ᠧᠷᠢᠶᠠᠯ ᠢᠶᠠᠨ ᠲᠥᠷᠦᠯ ᠵᠦᠢᠯ ᠳᠤ ᠬᠤᠪᠢᠶᠡᠨ ᠨᠠᠭᠠᠵᠦ ᠲᠠᠯᠪᠢᠬᠤ ᠪᠡ ᠳᠡᠪᠲᠡᠷ ᠲᠤᠲᠤᠷ᠎ᠠ ᠪᠠᠨ ᠬᠠᠪᠴᠢᠭᠤᠯᠤᠨ ᠲᠠᠯᠪᠢᠵᠤ ᠪᠣᠯᠤᠨ᠎ᠠ ᠃

(ᠳᠥᠷᠪᠡ ) ᠭᠠᠷᠴᠠᠠᠯᠠᠵᠦ ᠲᠡᠮᠳᠡᠭᠯᠡᠬᠦ ᠠᠷᠭ᠎ᠠ ᠃ ᠵᠠᠷᠢᠮ ᠮᠠᠲ᠋ᠧᠷᠢᠶᠠᠯ ᠢ ᠡᠯ᠎ᠡ ᠲᠠᠯ᠎ᠠ ᠶᠢᠨ ᠨᠥᠬᠦᠴᠡᠯ ᠤᠨ ᠬᠢᠵᠠᠭᠠᠷᠯᠠᠯ ᠡᠴᠡ ᠪᠣᠯᠵᠤ ᠂ ᠲᠡᠬᠡᠷ᠎ᠠ ᠶᠠᠷᠢᠡᠡᠰᠡᠨ ᠠᠷᠭ᠎ᠠ ᠪᠠᠷ ᠲᠡᠮᠳᠡᠭᠯᠡᠨ ᠴᠤᠭᠯᠠᠭᠤᠯᠬᠤ  ᠳᠤ ᠬᠦᠴᠢᠷᠲᠡᠢ ᠪᠣᠯᠪᠠᠯ ᠭᠠᠷᠴᠠᠠᠠᠯᠠᠬᠤ ᠠᠷᠭ᠎ᠠ ᠪᠠᠷ ᠲᠡᠮᠳᠡᠭᠡᠯᠡᠵᠦ ᠪᠣᠯᠤᠨ᠎ᠠ ᠃ ᠡᠨᠡ ᠨᠢ ᠬᠣᠵᠢᠮ ᠬᠢᠨᠠᠵᠦ ᠦᠵᠡᠬᠦ ᠳᠤ ᠳᠥᠭᠦᠮ ᠪᠠᠢᠲᠠᠬ ᠃ ᠡᠭᠦᠨ ᠳᠤ ᠳᠣᠣᠷᠠᠬᠢ ᠬᠡᠳᠦᠨ ᠵᠦᠢᠯ ᠤᠨ ᠠᠭᠤᠯᠭ᠎ᠠ ᠪᠠᠡᠡᠳᠠᠬᠤ ᠶᠤᠮ ᠃ ᠳᠠᠷᠤᠢ ᠮᠠᠲ᠋ᠧᠷᠢᠶᠠᠯ ᠤᠨ ᠨᠡᠷ᠎ᠡ ᠭᠠᠷᠴᠠᠭ ( ᠨᠣᠮ ᠤᠨ ᠨᠡᠷ᠎ᠡ ᠭᠠᠷᠴᠠᠭ ᠂ ᠡᠰᠡᠬᠦᠯ᠎ᠡ ᠥᠪᠡᠷ ᠤᠨ ᠮᠠᠲ᠋ᠧᠷᠢᠶᠠᠯ ᠳᠠᠭᠠᠨ ᠲᠥᠷᠦᠯ ᠬᠤᠪᠢᠶᠠᠡᠡᠰᠡᠨ ᠨᠠᠷᠡᠢᠲᠤᠯᠬᠡ ᠴᠦ ᠪᠣᠯᠤᠨ᠎ᠠ ) ᠵᠤᠬᠢᠶᠠᠡᠡᠴᠢ ᠂ ᠬᠡᠪᠯᠡᠭᠰᠡᠨ ᠬᠡᠪᠯᠡᠯ ᠤᠨ ᠬᠣᠷᠢ ᠡᠶ᠎ᠡ ( ᠬᠡᠪᠯᠡᠯ ᠤᠨ ᠬᠣᠷᠢᠶ᠎ᠠ ᠪᠤᠶᠤ ᠰᠣᠨᠢᠨ ᠰᠡᠳᠭᠦᠯ ) ᠂ ᠨᠢᠭᠤᠷ ᠤᠨ ᠲᠣᠭ᠎ᠠ ᠵᠡᠷᠭᠡ ᠪᠣᠯᠤᠨ᠎ᠠ ᠃ ᠬᠡᠯᠡᠯᠬᠡᠨ ᠦᠭᠡᠢ ᠥᠪᠡᠷ ᠤᠨ ᠬᠡᠷᠡᠭᠴᠡᠭᠡ ᠪᠠᠨ ᠦᠡᠲᠤᠰᠤᠯᠡᠨ ᠨᠠᠯᠢᠶᠡᠤᠨ ᠨᠠᠷᠢᠨ ᠲᠣᠳᠤᠷᠬᠠᠢ ᠳ᠋ᠤᠭᠠᠷᠯᠡᠨ ᠲᠠᠮᠳᠡᠭᠯᠡᠭᠰᠡᠨ ᠴᠦ ᠪᠣᠯᠤᠨ᠎ᠠ ᠃

ᠬᠣᠶᠠᠷ ᠂ ᠮᠠᠲ᠋ᠧᠷᠢᠶᠠᠯ ᠴᠤᠭᠯᠠᠭᠤᠯᠬᠤ ᠡᠩ ᠤᠨ ᠶᠠᠪᠤᠴᠠ

( ᠨᠢᠭᠡ ) ᠴᠤᠭᠯᠠᠭᠤᠯᠬᠤ ᠠᠷᠭ᠎ᠠ ᠄ ᠪᠠᠡᠡᠰᠢ ᠨᠡᠷ ᠵᠢᠭᠠᠨ ᠰᠤᠷᠭᠠᠬᠤ ᠶᠠᠪᠤᠴᠠ ᠳᠤ ᠥᠪᠡᠷ ᠤᠨ ᠰᠤᠷᠳᠡᠰᠡᠨ ᠲᠤᠰᠭᠠᠢ ᠮᠡᠷᠭᠡᠵᠢᠯ ᠤᠨ ᠮᠡᠳᠡᠯᠭᠡ ᠲᠠᠢ ᠪᠠᠨ ᠤᠶᠠᠯᠲᠤᠭᠤᠯᠤᠨ ᠦᠰᠦᠭ ᠪᠢᠴᠢᠭ᠌ ᠤᠨ ᠮᠠᠲ᠋ᠧᠷᠢᠶᠠᠯ ᠴᠤᠭᠯᠠᠭᠤᠯᠬᠤ ᠳᠤ ᠭᠣᠣᠯᠳᠠᠭᠤ ᠬᠤᠯᠪᠤᠡᠡᠳᠠᠯ ᠪᠦᠬᠦᠢ ᠰᠤᠷᠭᠠᠨ ᠬᠥᠮᠦᠵᠢᠯ ᠤᠨ ᠰᠡᠳᠭᠦᠯ ᠂ ᠨᠣᠮ ᠪᠢᠴᠢᠭ᠌ ᠂ ᠰᠣᠨᠢᠨ ᠰᠡᠳᠭᠦᠯ ᠡᠴᠡ ᠪᠦᠷ ᠴᠤᠭᠯᠠᠭᠤᠯᠵᠤ ᠪᠣᠯᠤᠨ᠎ᠠ ᠃ ᠬᠡᠷᠪᠡ ᠪᠠᠡᠡᠰᠢ ᠶᠢᠨ ᠣᠶᠤᠨ ᠴᠢᠳᠠᠯ ᠪᠡ ᠪᠤᠰᠤᠳ ᠲᠠᠯ᠎ᠠ ᠶᠢᠨ ᠨᠥᠬᠦᠴᠡᠯ ᠪᠠᠢᠪᠠᠯ ᠮᠠᠲ᠋ᠧᠷᠢᠶᠠᠯ ᠴᠤᠭᠯᠠᠭᠤᠯᠬᠤ ᠬᠦᠷᠢᠶ᠎ᠡ ᠬᠡᠪᠴᠢᠶ᠎ᠡ ᠪᠠᠨ ᠤᠯᠠᠮ ᠦᠷᠬᠡᠳᠬᠡᠵᠦ ᠪᠣᠯᠤᠨ᠎ᠠ ᠃ ᠴᠠᠭ ᠦᠶ᠎ᠡ ᠶᠢᠨ ᠬᠤᠪᠢᠷᠠᠯᠲᠠ ᠡᠴᠡ ᠦᠵᠡᠪᠡᠯ ᠣᠳᠤ ᠶᠢᠨ ᠵᠢᠭᠠᠵᠤ ᠰᠤᠷᠭᠠᠬᠤ ᠠᠭᠤᠯᠭ᠎ᠠ ᠶᠠᠪᠤᠬᠤ ᠲᠤᠲᠤᠮ ᠭᠦᠢᠬᠡᠨ ᠡᠴᠡ ᠭᠦᠨ ᠪᠣᠯᠵᠤ ᠂ ᠵᠢᠭᠠᠬᠤ ᠠᠬᠢᠴᠨ ᠴᠦ ᠬᠤᠷᠳᠤᠨ ᠪᠣᠯᠵᠤ ᠪᠠᠢᠨ᠎ᠠ ᠃ ᠡᠢᠮᠦ ᠡᠴᠡ ᠪᠠᠡᠡᠰᠢ ᠨᠡᠷ ᠰᠤᠳᠤᠯᠤᠯ ᠰᠢᠨᠵᠢᠯᠡᠯ ᠤᠨ ᠬᠠᠮᠢᠶᠠᠲᠠᠢ ᠨᠣᠮ ᠪᠡ ᠬᠡᠷᠡᠭᠴᠡᠭᠡ ᠲᠠᠢ ᠵᠦᠢᠯ ᠢᠶᠠᠨ ᠡᠮᠬᠢᠳᠭᠡᠨ ᠴᠤᠯᠠᠭᠤᠯᠵᠦ ᠪᠣᠯᠤᠨ᠎ᠠ ᠃

(ᠬᠣᠶᠠᠷ ) ᠴᠤᠭᠯᠠᠭᠤᠯᠤᠭᠰᠠᠨ ᠮᠠᠲ᠋ᠧᠷᠢᠶᠠᠯ ᠢ ᠰᠢᠯᠢᠨ ᠰᠣᠩᠭᠤᠬᠤ ᠠᠷᠭ᠎ᠠ ᠄ ᠰᠢᠯᠢᠨ ᠰᠣᠩᠭᠤᠬᠤ ᠭᠡᠳᠡᠭ ᠨᠢ ᠳᠠᠷᠤᠢ ᠴᠤᠭᠯᠠᠭᠤᠯᠤᠭᠰᠠᠨ ᠣᠯᠠᠨ ᠮᠠᠲ᠋ᠧᠷᠢᠶᠠᠯ ᠤᠨ ᠲᠤᠲᠤᠷ᠎ᠠ ᠡᠴᠡ ᠪᠠᠨ ᠬᠡᠷᠡᠭᠴᠡᠭᠡ ᠲᠠᠢ ᠵᠦᠢᠯ ᠢᠶᠠᠨ ᠦᠡᠲᠤᠰᠤᠯᠡᠨ ᠰᠢᠯᠢᠳᠡᠭ ᠢ ᠨᠢ ᠠᠪᠴᠤ ᠰᠢᠭᠠᠷᠤ ᠶᠢ ᠨᠢ ᠬᠠᠶᠠᠬᠤ ᠠᠷᠭ᠎ᠠ ᠶᠢ ᠬᠡᠯᠡᠵᠦ ᠪᠠᠢᠨ᠎ᠠ ᠃ ᠮᠠᠲ᠋ᠧᠷᠢᠶᠠᠯ ᠴᠤᠭᠯᠠᠭᠤᠯᠬᠤ  ᠶᠢᠨ ᠲᠤᠰ ᠪᠡᠶ᠎ᠡ ᠨᠢ ᠳᠠᠷᠤᠢ ᠰᠢᠯᠢᠨ ᠰᠣᠩᠭᠤᠬᠤ ᠪᠡ ᠰᠢᠭᠠᠷᠤ ᠶᠢ ᠨᠢ ᠵᠠᠶᠠᠬᠤ ᠬᠣᠶᠠᠷ ᠵᠦᠢᠯ ᠤᠨ ᠬᠡᠯᠪᠡᠷᠢ ᠪᠠᠢᠳᠠᠭ ᠃ ᠴᠤᠭᠯᠠᠭᠤᠯᠤᠭᠰᠠᠨ ᠣᠯᠠᠨ ᠮᠠᠲ᠋ᠧᠷᠢᠶᠠᠯ ᠤᠨ ᠲᠤᠲᠤᠷ᠎ᠠ ᠡᠴᠡ ᠪᠠᠨ ᠰᠠᠢᠨ ᠢ ᠨᠢ ᠰᠢᠯᠢᠨ ᠰᠣᠩᠭᠤᠵᠤ ᠵᠢᠭᠠᠬᠤ ᠠᠭᠤᠯᠭ᠎ᠠ ᠳᠠᠭᠠᠨ ᠠᠰᠢᠡᠡᠯᠠᠵᠦ ᠪᠣᠯᠤᠨ᠎ᠠ ᠃ ᠬᠡᠷᠡᠭᠴᠡᠭᠡ ᠦᠭᠡᠢ ᠵᠦᠢᠯ ᠢ ᠨᠢ ᠲᠡᠶᠠᠡᠡᠳᠡᠨ ᠣᠷᠬᠢᠵᠤ ᠪᠣᠯᠤᠨ᠎ᠠ ᠃ ᠢᠩᠬᠢᠪᠠᠯ ᠰᠠᠶᠢ ᠰᠢᠯᠢᠳᠡᠭ ᠪᠡ ᠰᠢᠭᠠᠷᠤ ᠶᠢᠨ ᠢᠯᠭᠠᠭ᠎ᠠ ᠶᠢ ᠨᠠᠷᠢᠨ ᠲᠣᠳᠤᠷᠬᠠᠢ ᠪᠣᠯᠭᠠᠵᠤ ᠴᠢᠳᠠᠳᠠᠭ ᠃

( ᠭᠤᠷᠪᠠ ) ᠪᠣᠯᠪᠠᠰᠤᠷᠠᠭᠤᠯᠬᠤ ᠠᠷᠭ᠎ᠠ ᠄ ᠮᠠᠲ᠋ᠧᠷᠢᠶᠠᠯ ᠢ ᠬᠡᠷᠡᠭᠯᠡᠬᠦ ᠡᠴᠡ ᠪᠠᠨ ᠡᠮᠦᠨ᠎ᠡ ᠳᠡᠭᠡᠷ᠎ᠡ ᠎ᠡ ᠶᠠᠷᠢᠭᠰᠠᠨ ᠠᠷᠭ᠎ᠠ ᠪᠠᠷ ᠴᠤᠭᠯᠠᠭᠤᠯᠤᠭᠰᠠᠨ ᠮᠠᠲ᠋ᠧᠷᠢᠶᠠᠯ ᠤᠨ ᠠᠭᠤᠯᠭ᠎ᠠ ᠳᠠᠭᠠᠨ ᠴᠡᠭᠴᠡᠯᠡᠯᠲᠡ ᠬᠢᠵᠦ ᠂ ᠳᠠᠬᠢᠨ ᠳᠠᠪᠲᠠᠨ ᠴᠢᠠᠨᠷ ᠰᠠᠢᠲᠠᠢ ᠮᠠᠲ᠋ᠧᠷᠢᠶᠠᠯ ᠢᠶᠠᠨ ᠪᠣᠯᠪᠠᠰᠤᠷᠠᠭᠤᠯᠤᠨ ᠭᠠᠷᠭᠠᠵᠤ ᠂ ᠲᠥᠷᠦᠯ ᠵᠦᠢᠯ ᠬᠤᠪᠦᠶᠠᠨ ᠭᠠᠷ ᠵᠠᠭᠤᠷ ᠎ᠠ ᠪᠠᠨ ᠬᠡᠷᠡᠭᠯᠡᠬᠦ ᠪᠦᠷᠢᠨ ᠪᠦᠲᠦᠨ ᠬᠡᠷᠡᠭᠯᠡᠭᠡᠨ ᠤ ᠮᠠᠲ᠋ᠧᠷᠢᠶᠠᠯ ᠪᠣᠯᠭᠠᠭᠰᠠᠨ ᠪᠠᠢᠬᠤ ᠬᠡᠷᠡᠭᠲᠡᠢ ᠃

ᠭᠤᠷᠪᠠ ᠂ ᠮᠠᠲ᠋ᠧᠷᠢᠶᠠᠯ ᠴᠤᠭᠯᠭᠤᠯᠬᠤ ᠳᠤ ᠭᠤᠷᠪᠠᠨ ᠲᠠᠯ ᠎ᠠ ᠪᠠᠷ ᠢᠳᠡᠪᠬᠢ ᠪᠠᠢᠬᠤ ᠬᠡᠷᠡᠭᠲᠡᠢ ᠃

( ᠨᠢᠭᠡ ) ᠦᠵᠡᠵᠦ ᠤᠩᠰᠢᠭᠤ ᠳᠤ ᠢᠳᠡᠪᠬᠢ ᠪᠠᠢᠬᠤ ᠬᠡᠷᠡᠭᠲᠡᠢ ᠃ ᠦᠵᠡᠵᠦ ᠤᠩᠰᠢᠬᠤ ᠨᠢ ᠮᠠᠲ᠋ᠧᠷᠢᠶᠠᠯ ᠪᠣᠯᠭᠠᠬᠤ ᠶᠢᠨ ᠬᠠᠮᠤᠭ ᠤᠨ ᠴᠢᠬᠤᠯᠠ ᠠᠷᠭ᠎ᠠ ᠵᠠᠮ ᠪᠣᠯᠤᠨ᠎ᠠ ᠃ ᠲᠡᠢᠮᠦ ᠡᠴᠡ ᠴᠢᠯᠦᠭᠡ ᠵᠠᠪ ᠢᠶᠠᠷ ᠢᠶᠠᠨ ᠵᠢᠭᠠᠨ ᠰᠤᠷᠭᠠᠬᠤ ᠳᠤ ᠴᠢᠨᠢ ᠬᠣᠯᠪᠤᠭᠳᠠᠯ ᠲᠠᠢ ᠨᠣᠮ ᠪᠢᠴᠢᠭ᠌ ᠂ ᠰᠣᠨᠢᠨ ᠰᠡᠳᠭᠦᠯ ᠢ ᠦᠷᠭᠦᠯᠵᠢ ᠤᠷᠪᠠᠭᠤᠯᠤᠨ ᠦᠵᠡᠵᠦ ᠤᠩᠰᠢᠬᠤ ᠪᠠᠢᠬᠤ ᠬᠡᠷᠡᠭᠲᠡᠢ ᠃

( ᠬᠣᠶᠠᠷ ) ᠪᠣᠳᠤᠯᠬᠢᠯᠠᠬᠤ ᠲᠠᠯ ᠎ᠠ ᠪᠠᠷ ᠢᠳᠡᠪᠬᠢ ᠪᠠᠢᠬᠤ ᠬᠡᠷᠡᠭᠲᠡᠢ ᠃ ᠨᠢᠭᠡ ᠲᠠᠯ ᠎ᠠ ᠪᠠᠷ ᠠᠯᠢ ᠲᠠᠯ ᠎ᠠ ᠶᠢᠨ ᠮᠠᠲ᠋ᠧᠷᠢᠶᠠᠯ ᠴᠤᠭᠯᠠᠭᠤᠯᠬᠤ ᠪᠠᠨ ᠪᠤᠳᠤᠵᠤ ᠪᠠᠢᠬᠤ ᠪᠠ ᠬᠠᠮᠢᠭ᠎ᠠ ᠡᠴᠡ ᠨᠢ ᠴᠤᠭᠯᠠᠭᠤᠯᠬᠤ ᠪᠠᠨ ᠪᠤᠳᠤᠬᠤ ᠬᠡᠷᠡᠭᠲᠡᠢ ᠃ ᠪᠠᠰᠠ ᠨᠢᠭᠡ ᠲᠠᠯ ᠎ᠠ ᠪᠠᠷ ᠮᠠᠲ᠋ᠧᠷᠢᠶᠠᠯ ᠢ ᠦᠵᠡᠵᠦ ᠤᠩᠰᠢᠬᠤ ᠪᠠ ᠰᠢᠯᠢᠨ ᠰᠣᠩᠭᠤᠬᠤ ᠠᠭᠤᠯᠭ᠎ᠠ ᠳᠠᠭᠠᠨ ᠭᠦᠨᠵᠡᠭᠡᠢᠷᠡᠵᠦ ᠂ ᠣᠶᠤᠨ ᠲᠠᠷᠢᠬᠢ ᠪᠠᠨ ᠬᠥᠳᠡᠯᠭᠡᠭᠡᠨ ᠪᠣᠳᠤᠯᠬᠢᠯᠠᠵᠤ ᠂ ᠶᠠᠮᠠᠷ ᠵᠦᠢᠯ ᠨᠢ ᠬᠡᠷᠡᠭᠴᠡᠭᠡ ᠲᠠᠢ ᠂ ᠴᠤᠭᠯᠠᠭᠤᠯᠬᠤ ᠦᠨ᠎ᠡ ᠴᠠᠨ᠎ᠠ ᠲᠠᠢ ᠪᠠᠢᠬᠤ ᠂ ᠶᠠᠮᠠᠷ ᠵᠦᠢᠯ ᠨᠢ ᠬᠡᠷᠡᠭᠴᠡᠭᠡ ᠦᠭᠡᠢ ᠪᠠᠢᠬᠤ ᠂ ᠴᠤᠭᠯᠠᠭᠤᠯᠤᠭᠰᠠᠨ ᠴᠤ ᠦᠨ᠎ᠡ ᠥᠷᠲᠡᠭ ᠦᠭᠡᠢ ᠪᠠᠢᠬᠤ ᠶᠢ ᠨᠠᠷᠢᠨ ᠪᠣᠳᠤᠯᠬᠢᠯᠠᠵᠤ ᠲᠤᠩᠭᠠᠬᠤ ᠬᠡᠷᠡᠭᠲᠡᠢ ᠃

( ᠭᠤᠷᠪᠠ ) ᠤᠷᠪᠠᠭᠤᠯᠤᠨ ᠦᠵᠡᠬᠦ ᠳᠤ ᠢᠳᠡᠪᠬᠢ ᠪᠠᠢᠬᠤ ᠬᠡᠷᠡᠭᠲᠡᠢ ᠃ ᠮᠠᠲ᠋ᠧᠷᠢᠶᠠᠯ ᠴᠤᠭᠯᠠᠭᠤᠯᠵᠤ ᠪᠠᠢᠬᠤ ᠶᠢᠨ ᠵᠣᠷᠢᠯᠭ᠎ᠠ ᠨᠢ ᠬᠡᠷᠡᠭᠯᠡᠬᠦ ᠳᠤ ᠣᠷᠤᠰᠢᠨ᠎ᠠ ᠃ ᠲᠡᠢᠮᠦ ᠡᠴᠡ ᠴᠤᠭᠯᠠᠭᠤᠯᠤᠭᠰᠠᠨ ᠮᠠᠲ᠋ᠧᠷᠢᠶᠠᠯ  ᠢᠶᠠᠨ ᠦᠷᠭᠦᠯᠵᠢ ᠤᠷᠪᠠᠭᠤᠯᠤᠨ ᠦᠵᠡᠵᠦ ᠂ ᠬᠡᠳᠦᠨ ᠮᠠᠲ᠋ᠧᠷᠢᠶᠠᠯ ᠴᠤᠭᠯᠠᠭᠤᠯᠤᠭᠰᠠᠨ ᠢᠶᠠᠨ ᠪᠠᠢᠴᠠᠭᠠᠨ ᠦᠵᠡᠬᠦ ᠬᠡᠷᠡᠭᠲᠡᠢ ᠃ ᠡᠭᠦᠨ ᠳᠤ ᠂ ᠬᠣᠶᠠᠷ ᠵᠦᠢᠯ ᠤᠨ ᠰᠠᠢᠨ ᠲᠠᠯ ᠎ᠠ ᠪᠠᠢᠳᠠᠭ ᠃

ᠨᠢᠭᠡ ᠳᠤ ᠂ ᠮᠠᠲ᠋ᠧᠷᠢᠶᠠᠯ ᠤᠨ ᠠᠭᠤᠯᠭ᠎ᠠ ᠶᠢᠨ ᠬᠠᠩᠭᠠᠭᠰᠠᠨ ᠮᠡᠳᠡᠯᠭᠡ ᠶᠢ ᠰᠤᠷᠤᠯᠴᠠᠵᠤ ᠮᠡᠳᠡᠯᠭᠡ ᠶᠢᠨ ᠬᠦᠷᠢᠶ ᠎ᠡ ᠬᠡᠪᠴᠢᠶ ᠎ᠡ ᠪᠠᠨ ᠥᠷᠭᠡᠳᠭᠡᠭᠰᠡᠨ ᠪᠠᠢᠬᠤ ᠬᠡᠷᠡᠭᠲᠡᠢ ᠃

ᠬᠣᠶᠠᠷ ᠲᠤ ᠂ ᠮᠠᠲ᠋ᠧᠷᠢᠶᠠᠯ ᠳᠤ ᠬᠣᠯᠪᠤᠭᠳᠠᠭᠰᠠᠨ ᠦᠵᠡᠯᠲᠡ ᠲᠠᠨᠢᠯᠲᠠ ᠪᠠᠨ ᠭᠦᠨᠵᠡᠭᠡᠢᠷᠡᠭᠦᠯᠵᠦ ᠂ ᠴᠠᠭ ᠳᠡᠭᠡᠷ᠎ᠡ ᠎ᠡ ᠨᠢ ᠰᠡᠳᠦᠵᠦ ᠂ ᠮᠠᠲ᠋ᠧᠷᠢᠶᠠᠯ ᠤᠨ ᠦᠨ᠎ᠡ ᠥᠷᠲᠡᠭ ᠢ ᠠᠭᠣᠳᠠᠯᠠᠨ ᠭᠠᠷᠭᠠᠵᠤ ᠴᠠᠭ ᠳᠡᠭᠡᠷ᠎ᠡ ᠎ᠡ ᠨᠢ ᠬᠡᠷᠡᠭᠯᠡᠬᠦ ᠳᠤ ᠳᠥᠬᠦᠮ ᠪᠣᠯᠭᠠᠵᠤ ᠂ 《ᠦᠬᠦᠮᠡᠯ 》 ᠮᠠᠲ᠋ᠧᠷᠢᠶᠠᠯ ᠢ 《 ᠠᠮᠢᠳᠤᠯᠢᠭ 》ᠪᠣᠯᠭᠠᠬᠤ ᠬᠡᠷᠡᠭᠲᠡᠢ ᠃

ᠡᠮᠦᠨᠡᠬᠢ ᠵᠣᠬᠢᠶᠠᠯᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃