lt
ᠲᠠᠮᠢᠷ ᠣᠷᠠᠯᠢᠭ
ᠬᠡᠯᠡ ᠪᠢᠴᠢᠭ᠌ ᠰᠤᠷᠬᠤ ᠲᠠᠪᠤᠨ ᠡᠷᠬᠢᠮᠯᠠᠯ
2014.10.14 ᠲᠣᠰ ᠥᠷᠲᠡᠭᠡᠨ ᠦ ᠨᠠᠢᠷᠠᠭᠤᠯᠤᠭᠴᠢ

ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ᠌ ᠤᠨ ᠬᠢᠴᠢᠶᠡᠯ ᠂ ᠣᠨᠴᠠᠭᠠᠢᠯᠠᠨ ᠪᠠᠭ᠎ᠠ ᠰᠤᠷᠭᠠᠭᠤᠯᠢ ᠶᠢᠨ ᠬᠡᠯᠡ ᠪᠢᠴᠢᠭ᠌ ᠤᠨ ᠬᠢᠴᠢᠶᠡᠯ ᠨᠢ ᠠᠯᠢᠪᠠ ᠲᠥᠷᠦᠯ ᠢ ᠰᠤᠷᠴᠤ ᠡᠵᠡᠮᠰᠢᠬᠦ ᠶᠢᠨ ᠲᠦᠯᠬᠢᠭᠦᠷ ᠬᠢᠴᠢᠶᠡᠯ ᠲᠤᠯᠠ ᠰᠤᠷᠤᠭᠴᠢᠳ ᠡᠷᠬᠡᠪᠰᠢ ᠲᠣᠣᠷ ᠎ᠠ ᠳᠤᠷᠠᠳᠤᠭᠰᠠᠨ ᠲᠠᠪᠤᠨ ᠡᠷᠬᠢᠮᠯᠡᠯ ᠢ ᠪᠡᠷᠢᠮᠳᠠᠯᠠᠵᠦ ᠂ ᠬᠡᠯᠡ ᠪᠢᠴᠢᠭ᠌ ᠤᠨ ᠬᠢᠴᠢᠶᠡᠯ ᠤᠨ ᠬᠢᠷᠢ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠴᠢᠷᠮᠠᠢᠪᠠᠯ ᠵᠣᠬᠢᠨ᠎ᠠ ᠃

    1. ᠵᠦᠪ ᠪᠢᠴᠢᠬᠦ ᠶᠢ ᠡᠷᠬᠢᠮᠯᠡᠬᠦ

    《 ᠦᠭᠡ ᠶᠢᠨ ᠠᠯᠳᠠᠭ᠎ᠠ ᠨᠢᠭᠡ ᠦᠶ ᠎ᠠ ᠂ ᠦᠰᠦᠭ ᠤᠨ ᠠᠯᠳᠠᠭ᠎ᠠ ᠲᠦᠮᠡᠨ ᠦᠶ ᠎ᠠ》 ᠭᠡᠳᠡᠭᠴᠢᠯᠡᠨ ᠰᠤᠷᠤᠭᠴᠢᠳ ᠦᠭᠡ ᠥᠭᠦᠯᠡᠪᠦᠷᠢ ᠪᠠᠨ ᠵᠦᠪ ᠬᠡᠷᠡᠭᠯᠡᠵᠦ ᠂ ᠦᠰᠦᠭ ᠪᠢᠴᠢᠭ᠌ ᠢᠶᠠᠨ ᠵᠦᠪ ᠪᠢᠴᠢᠬᠦ ᠪᠣᠯ ᠤᠮᠳᠤᠭᠠᠢᠯᠠᠵᠦ ᠪᠣᠯᠤᠰᠢ ᠦᠭᠡᠢ ᠴᠢᠬᠤᠯᠠ ᠪᠣᠯᠪᠠᠰᠤᠷᠠᠯ ᠪᠣᠯᠬᠤ ᠶᠤᠮ ᠃ ᠵᠦᠪ ᠪᠢᠴᠢᠬᠦ ᠶᠢ ᠡᠷᠬᠢᠮᠯᠡᠬᠦ ᠭᠡᠭᠴᠢ ᠨᠢ ᠮᠣᠩᠭᠤᠯ ᠬᠡᠯᠡ ᠪᠢᠴᠢᠭ᠌ ᠤᠨ ᠡᠭᠡᠰᠢᠭ ᠵᠣᠬᠢᠴᠠᠬᠤ ᠶᠣᠰᠤ ᠶᠢ ᠪᠠᠷᠢᠮᠳᠠᠯᠠᠵᠦ ᠂ ᠴᠢᠩᠭ᠎ᠠ ᠬᠥᠨᠳᠡᠢ ᠶᠢ ᠢᠯᠭᠠᠨ ᠂ ᠦᠭᠡ ᠦᠰᠦᠭ ᠤᠨ ᠰᠢᠳᠦ ᠠᠷᠠᠭ᠎ᠠ ᠂ ᠴᠡᠭ ᠳᠤᠰᠤᠯ ᠂ ᠭᠡᠳᠡᠰᠦ ᠰᠡᠭᠦᠯ ᠵᠡᠷᠭᠡ ᠠᠯᠢ ᠤᠯᠠᠨ ᠪᠢᠴᠢᠯᠭᠡ ᠳᠤ ᠬᠣᠯᠪᠤᠭᠳᠠᠬᠤ ᠵᠦᠢᠯ ᠤᠳ ᠢ ᠱᠠᠭᠠᠷᠳᠠᠯᠭ᠎ᠠ ᠶᠣᠰᠤᠭᠠᠷ ᠵᠦᠪ ᠣᠨᠤᠪᠴᠢᠲᠠᠢ ᠪᠢᠴᠢᠬᠦ ᠶᠢ ᠬᠡᠯᠡᠵᠦ ᠪᠤᠢ ᠃ ᠡᠢᠮᠦ ᠡᠴᠡ ᠰᠤᠷᠤᠭᠴᠢᠳ ᠵᠦᠪ ᠪᠢᠴᠢᠬᠦ ᠶᠢ ᠣᠨᠴᠠ ᠠᠩᠬᠠᠷᠪᠠᠯ ᠵᠣᠬᠢᠨ᠎ᠠ ᠃

    2. ᠵᠦᠪ ᠤᠩᠰᠢᠬᠤ ᠶᠢ ᠡᠷᠬᠢᠮᠯᠡᠬᠦ

    ᠵᠦᠪ ᠤᠩᠰᠢᠬᠤ ᠶᠢ ᠡᠷᠬᠢᠮᠯᠡᠬᠦ ᠭᠡᠭᠴᠢ ᠨᠢ ᠬᠡᠯᠡ ᠪᠢᠴᠢᠭ᠌ ᠤᠨ ᠠᠪᠢᠶ ᠎ᠠ ᠢᠵᠢᠯᠢᠰᠢᠬᠦ ᠶᠣᠰᠤ ᠶᠢ ᠪᠠᠷᠢᠮᠳᠠᠯᠠᠵᠦ ᠂ ᠦᠭᠡ ᠦᠰᠦᠭ ᠤᠨ ᠴᠢᠩᠭ᠎ᠠ ᠬᠥᠨᠳᠡᠢ ᠶᠢ ᠢᠯᠭᠠᠵᠤ ᠂ ᠪᠠᠷᠢᠮᠵᠢᠶ ᠎ᠠ ᠠᠪᠢᠶ ᠎ᠠ ᠪᠠᠷ ᠵᠦᠪ ᠣᠨᠤᠪᠴᠢᠲᠠᠢ ᠪᠥᠭᠡᠳ ᠴᠡᠪᠡᠷ ᠲᠣᠳᠤ ᠣᠢᠯᠠᠭᠠᠮᠵᠢᠲᠠᠢ ᠤᠩᠰᠢᠬᠤ ᠶᠢ ᠬᠡᠯᠡᠵᠦ ᠪᠠᠢᠨ᠎ᠠ ᠃ ᠰᠤᠷᠤᠭᠴᠢᠳ ᠬᠢᠴᠢᠶᠡᠯ ᠢᠶᠠᠨ ᠤᠩᠰᠢᠬᠤ ᠪᠤᠶᠤ ᠬᠢᠴᠢᠶᠡᠯ ᠤᠨ ᠭᠠᠳᠠᠭᠤᠷᠬᠢ ᠨᠣᠮ ᠤᠩᠰᠢᠬᠤ ᠳᠠᠭᠠᠨ ᠡᠷᠬᠡᠪᠰᠢ ᠤᠷᠠᠨ ᠲᠣᠳᠤ ᠤᠩᠰᠢᠯᠭ᠎ᠠ ᠂ ᠪᠠᠷᠢᠮᠵᠢᠶ ᠎ᠠ ᠤᠩᠰᠢᠯᠭ᠎ᠠ ᠶᠢ ᠬᠦᠨᠳᠦᠳᠭᠡᠵᠦ ᠦᠵᠡᠬᠦ ᠬᠡᠷᠡᠭᠲᠡᠢ ᠃

    3. ᠵᠦᠪ ᠬᠡᠷᠡᠭᠯᠡᠬᠦ ᠶᠢ ᠡᠷᠬᠢᠮᠯᠡᠬᠦ

    ᠡᠨᠳᠡ ᠶᠠᠷᠢᠵᠤ ᠪᠠᠢᠭ᠎ᠠ ᠵᠦᠪ ᠬᠡᠷᠡᠭᠯᠡᠬᠦ ᠭᠡᠳᠡᠭ ᠨᠢ ᠭᠣᠣᠯᠳᠠᠭᠤ ᠬᠡᠯᠡ ᠵᠦᠢ ᠳᠤ ᠬᠣᠯᠪᠤᠭᠳᠠᠬᠤ ᠲᠠᠢᠨ ᠢᠯᠭᠠᠯ ᠤᠨ ᠲᠠᠭᠠᠪᠤᠷᠢ ᠵᠡᠷᠭᠡ ᠶᠢ ᠵᠦᠪ ᠬᠡᠷᠡᠭᠯᠡᠬᠦ ᠶᠢ ᠵᠢᠭᠠᠵᠤ ᠪᠤᠢ ᠃ ᠬᠡᠷᠪᠡ ᠲᠠᠭᠠᠪᠤᠷᠢ ᠶᠢ ᠪᠤᠷᠤᠭᠤ ᠬᠡᠷᠡᠭᠯᠡᠪᠡᠯ ᠦᠭᠡ ᠥᠭᠦᠯᠡᠪᠦᠷᠢ ᠶᠢᠨ ᠤᠳᠭ᠎ᠠ ᠥᠭᠡᠷᠡᠲᠦᠵᠦ ᠂ ᠰᠠᠨᠠᠭᠠᠨ ᠳᠤ ᠦᠭᠡᠢ ᠬᠡᠷᠡᠭ ᠪᠣᠳᠤᠯᠭᠠᠨ ᠳᠤ ᠦᠭᠡᠢ ᠤᠷᠰᠢᠭ ᠭᠠᠷᠴᠤ ᠮᠡᠳᠡᠬᠦ ᠶᠤᠮ ᠃ ᠡᠢᠮᠦ ᠡᠴᠡ ᠬᠡᠯᠡ ᠵᠦᠢ ᠶᠢᠨ ᠦᠨᠳᠦᠰᠦᠨ ᠮᠡᠳᠡᠯᠭᠡ ᠶᠢ ᠰᠠᠢᠲᠤᠷ ᠰᠤᠷᠴᠤ ᠡᠵᠡᠮᠰᠢᠵᠦ ᠵᠦᠪ ᠬᠡᠷᠡᠭᠯᠡᠬᠦ ᠶᠢ ᠡᠷᠬᠢᠮᠯᠡᠬᠦ ᠬᠡᠷᠡᠭᠲᠡᠢ ᠃

    4. ᠵᠦᠪ ᠨᠠᠢᠷᠠᠭᠤᠯᠬᠤ ᠶᠢ ᠡᠷᠬᠢᠮᠯᠡᠬᠦ

    ᠵᠦᠪ ᠨᠠᠢᠷᠠᠭᠤᠯᠬᠤ ᠶᠢ ᠡᠷᠬᠢᠮᠯᠡᠬᠦ ᠭᠡᠳᠡᠭ ᠨᠢ ᠳᠠᠷᠤᠢ ᠨᠠᠢᠷᠠᠭᠤᠯᠭ᠎ᠠ ᠶᠢᠨ ᠵᠦᠢ ᠪᠠ ᠯᠣᠭᠢᠭ ᠤᠨ ᠵᠠᠷᠴᠢᠮ ᠢ ᠪᠠᠷᠢᠮᠳᠠᠯᠠᠵᠦ ᠂ ᠥᠭᠦᠯᠡᠪᠦᠷᠢ ᠵᠣᠬᠢᠶᠠᠬᠤ ᠪᠠ ᠵᠣᠬᠢᠶᠠᠯ ᠪᠢᠴᠢᠬᠦ ᠳᠡᠭᠡᠨ ᠵᠦᠪ ᠨᠠᠢᠷᠠᠭᠤᠯᠬᠤ ᠶᠢ ᠵᠢᠭᠠᠵᠤ ᠪᠤᠢ ᠃ ᠪᠠᠭᠰᠢ ᠶᠢᠨ ᠦᠯᠡᠳᠡᠭᠡᠭᠰᠡᠨ ᠵᠣᠬᠢᠶᠠᠨ ᠪᠢᠴᠢᠯᠭᠡ ᠶᠢᠨ ᠳᠠᠰᠭᠠᠯ ᠳᠠᠭᠠᠭᠠᠯᠭᠠᠪᠤᠷᠢ ᠶᠢ ᠴᠠᠭ ᠲᠤᠬᠠᠢ ᠳᠤᠨᠢ ᠪᠡᠶᠡᠯᠡᠭᠦᠯᠵᠦ ᠂ ᠵᠣᠬᠢᠶᠠᠨ ᠨᠠᠢᠷᠠᠭᠤᠯᠬᠤ ᠰᠠᠭᠤᠷᠢ ᠪᠠᠨ ᠪᠠᠲᠤᠵᠢᠭᠤᠯᠬᠤ ᠴᠢᠬᠤᠯᠠ ᠲᠠᠢ ᠃

    5. ᠰᠠᠢᠬᠠᠨ ᠪᠢᠴᠢᠬᠦ ᠶᠢ ᠡᠷᠬᠢᠮᠯᠡᠬᠦ

    ᠰᠠᠢᠬᠠᠨ ᠪᠢᠴᠢᠬᠦ ᠭᠡᠳᠡᠭ ᠨᠢ ᠵᠦᠪ ᠪᠢᠴᠢᠭᠰᠡᠨ ᠤᠷᠢᠲᠠᠯ ᠲᠣᠣᠷ ᠎ᠠ ᠪᠢᠴᠢᠯᠭᠡ ᠶᠢᠨ ᠲᠢᠭ᠌  ᠢᠶᠠᠨ ᠭᠤᠶᠤᠵᠢᠭᠤᠯᠬᠤ ᠶᠠᠪᠤᠳᠠᠯ ᠪᠣᠯᠤᠨ᠎ᠠ ᠃ ᠪᠢᠴᠢᠯᠭᠡ ᠶᠢᠨ ᠲᠢᠭ᠌  ᠢ ᠭᠤᠶᠤᠵᠢᠭᠤᠯᠬᠤ ᠳᠠᠭᠠᠨ ᠬᠡᠯᠡ ᠪᠢᠴᠢᠭ᠌ ᠤᠨ ᠬᠢᠴᠢᠶᠡᠯ ᠤᠨ ᠪᠢᠴᠢᠯᠭᠡ ᠶᠢᠨ ᠱᠠᠭᠠᠷᠳᠠᠯᠭ᠎ᠠ ᠶᠣᠰᠤᠭᠠᠷ ᠦᠰᠦᠭ ᠤᠨ ᠲᠣᠯᠤᠭᠠᠢ ᠂ ᠭᠡᠳᠡᠰᠦᠨ ᠤ ᠶᠡᠬᠡ ᠪᠠᠭ᠎ᠠ ᠂ ᠰᠢᠳᠦ ᠠᠷᠠᠭ᠎ᠠ ᠶᠢᠨ ᠤᠷᠲᠤ ᠣᠬᠤᠷ ᠂ ᠰᠡᠭᠦᠯ ᠰᠢᠯᠪᠢ ᠶᠢᠨ ᠨᠠᠷᠢᠨ ᠪᠦᠲᠦᠭᠡᠨ ᠂ ᠴᠡᠭ ᠳᠤᠰᠤᠯ ᠤᠨ ᠲᠤᠭᠲᠠᠭᠰᠠᠨ ᠣᠷᠤᠨ ᠪᠠ ᠪᠡᠶ ᠎ᠠ ᠨᠢᠷᠤᠭᠤᠨ ᠤ ᠬᠢᠨᠢ ᠰᠢᠯᠤᠭᠤᠨ ᠪᠠᠢᠬᠤ ᠵᠡᠷᠭᠡ ᠶᠢ ᠠᠩᠬᠠᠷᠴᠤ ᠂ ᠦᠵᠡᠬᠦ ᠳᠤ ᠲᠠᠭᠠᠯᠠᠮᠵᠢᠲᠠᠢ ᠴᠡᠪᠡᠷ ᠲᠣᠳᠤ ᠪᠥᠭᠡᠳ ᠭᠤᠸ᠎ᠠ ᠰᠠᠢᠬᠠᠨ ᠤ ᠭᠠᠢᠬᠠᠪᠤᠷᠢ ᠲᠠᠢ ᠪᠣᠯᠭᠠᠪᠠᠯ ᠵᠣᠬᠢᠨ᠎ᠠ ᠃ ᠰᠤᠷᠤᠭᠴᠢᠳ ᠳᠡᠭᠡᠷ᠎ᠡ ᠎ ᠳᠤᠷᠠᠳᠤᠭᠰᠠᠨ ᠲᠠᠪᠤᠨ ᠡᠷᠬᠢᠮᠯᠡᠯ ᠢ ᠪᠠᠷᠢᠮᠳᠠᠯᠠᠵᠦ ᠂ ᠬᠡᠯᠡ ᠪᠢᠴᠢᠭ᠌ ᠤᠨ ᠬᠢᠴᠢᠶᠡᠯ ᠢᠶᠠᠨ ᠰᠤᠷᠤᠯᠴᠠᠳᠠᠭ ᠯᠡ ᠶᠤᠮ ᠪᠣᠯ ᠯᠠᠪ ᠰᠢᠯᠢᠳᠡᠭ ᠬᠢᠷᠢ ᠪᠦᠲᠦᠮᠵᠢ ᠣᠯᠵᠤ ᠳᠡᠢᠯᠦᠨ᠎ᠡ ᠭᠡᠳᠡᠭ ᠲᠤ ᠪᠠᠲᠤ ᠢᠲᠡᠭᠡᠯ ᠲᠠᠢ ᠪᠠᠢᠨ᠎ᠠ ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃