lt
ᠲᠠᠮᠢᠷ ᠣᠷᠠᠯᠢᠭ
ᠡᠷᠡᠮᠡᠯᠵᠡᠯ ᠲᠠᠭᠯᠠᠬᠤ ᠶᠢᠨ ᠤᠷ᠎ᠠ ᠳᠠᠮ
2014.11.12 ᠲᠣᠰ ᠥᠷᠲᠡᠭᠡᠨ ᠦ ᠨᠠᠢᠷᠠᠭᠤᠯᠤᠭᠴᠢ

    ᠶᠡᠬᠡ ᠳᠡᠭᠡᠳᠦ ᠰᠤᠷᠭᠠᠭᠤᠯᠢ ᠳᠤ ᠳᠠᠪᠰᠢᠨ ᠣᠷᠤᠬᠤ ᠪᠣᠯ ᠨᠢᠭᠡ ᠬᠥᠮᠦᠨ ᠤ ᠰᠤᠷᠤᠯᠭ᠎ᠠ ᠶᠢᠨ ᠠᠮᠢᠳᠤᠷᠠᠯ ᠤᠨ ᠬᠥᠭᠵᠢᠯᠲᠡ ᠳᠠᠬᠢ ᠴᠢᠬᠤᠯᠠ ᠡᠷᠭᠢᠯᠲᠡ ᠪᠣᠯᠬᠤ ᠶᠤᠮ ᠂ ᠲᠡᠢᠮᠤ  ᠡᠴᠡ ᠶᠠᠮᠠᠷ ᠰᠤᠷᠭᠠᠭᠤᠯᠢ ᠳᠤ ᠣᠷᠤᠬᠤ ᠂ ᠶᠠᠮᠠᠷ ᠲᠤᠰᠭᠠᠢ ᠮᠡᠷᠭᠡᠵᠢᠯ ᠢ ᠰᠤᠷᠬᠤ ᠨᠢ ᠰᠢᠯᠭᠠᠭᠤᠯᠤᠭᠰᠠᠳ ᠤᠨ ᠢᠷᠡᠭᠡᠳᠦᠢ ᠲᠠᠢ ᠰᠢᠭᠤᠳ ᠬᠣᠯᠪᠤᠭᠳᠠᠨ᠎ᠠ ᠃ ᠰᠢᠯᠭᠠᠭᠤᠯᠤᠭᠰᠠᠳ ᠳᠤᠷ᠎ᠠ ᠪᠠᠬ᠎ᠠ ᠂ ᠰᠤᠷᠤᠯᠭ᠎ᠠ ᠶᠢᠨ ᠬᠥᠭᠵᠢᠯᠲᠡ ᠂ ᠨᠡᠢᠭᠡᠮ ᠤᠨ ᠠᠵᠢᠯ ᠣᠯᠭᠤᠯᠲᠠ ᠶᠢᠨ ᠬᠠᠨᠳᠤᠰᠢ ᠲᠠᠢ ᠪᠠᠨ ᠤᠶᠠᠯᠳᠤᠭᠤᠯᠤᠨ ᠰᠤᠷᠭᠠᠭᠤᠯᠢ ᠵᠢᠴᠢ ᠲᠤᠰᠭᠠᠢ ᠮᠡᠷᠭᠡᠵᠢᠯ ᠢᠶᠠᠨ ᠰᠣᠩᠭᠤᠬᠤ ᠴᠢᠬᠤᠯᠠᠲᠠᠢ ᠃ ᠡᠷᠡᠮᠠᠯᠵᠠᠯ ᠨᠢ ᠦᠨᠡᠨ ᠳᠡᠭᠡᠨ ᠭᠠᠵᠠᠷ ᠣᠷᠤᠨ ᠂ ᠰᠤᠷᠭᠠᠭᠤᠯᠢ ᠪᠤᠯᠤᠨ ᠲᠤᠰᠭᠠᠢ ᠮᠡᠷᠭᠡᠵᠢᠯ ᠤᠨ ᠣᠷᠭᠠᠨᠢᠭ ᠤᠶᠠᠯᠳᠤᠯ ᠪᠣᠯᠤᠨ᠎ᠠ ᠂ ᠡᠭᠦᠨ ᠳᠤ ᠡᠷᠡᠮᠡᠯᠵᠡᠯ ᠲᠠᠭᠯᠠᠬᠤ ᠳᠤ ᠣᠨᠴᠠ ᠠᠩᠬᠠᠷᠬᠤ ᠴᠢᠬᠤᠯᠠᠲᠠᠢ ᠨᠢ ᠮᠡᠳᠡᠭᠡ ᠵᠠᠩᠭᠢ ᠶᠢ ᠴᠤᠭᠯᠠᠭᠤᠯᠵᠤ ᠡᠵᠡᠮᠳᠡᠬᠦ ᠶᠠᠪᠤᠳᠠᠯ ᠪᠣᠯᠤᠨ᠎ᠠ ᠃

    ᠮᠡᠳᠡᠭᠡ ᠵᠠᠩᠭᠢ ᠶᠢ ᠲᠥᠷᠦᠯ ᠬᠤᠪᠢᠶᠠᠠ ᠴᠤᠭᠯᠠᠭᠤᠯᠵᠤ ᠂ ᠡᠷᠡᠮᠠᠯᠵᠠᠯ ᠲᠠᠭᠯᠠᠬᠤ ᠰᠢᠨᠵᠢᠯᠡᠬᠦ ᠤᠬᠠᠭᠠᠨᠴᠢ ᠴᠢᠨᠠᠷ ᠢᠶᠠᠨ ᠳᠡᠭᠡᠭᠰᠢᠯᠡᠭᠦᠯᠬᠦ

    ᠣᠳᠣᠬᠢ ᠨᠡᠢᠭᠡᠮ ᠪᠣᠯ ᠮᠡᠳᠡᠭᠡ ᠵᠠᠩᠭᠢ ᠶᠢᠨ ᠴᠠᠭ ᠦᠶ᠎ᠡ ᠪᠣᠯᠤᠨ᠎ᠠ ᠂ ᠨᠢᠭᠡ ᠬᠥᠮᠦᠨ ᠤ ᠰᠣᠩᠭᠤᠯᠲᠠ ᠶᠢᠨ ᠵᠠᠩᠭᠢᠯᠠᠭ᠎ᠠ ᠨᠢ ᠮᠡᠳᠡᠭᠡ ᠵᠠᠩᠭᠢ ᠪᠠᠷ ᠲᠣᠭᠲᠠᠭᠠᠭᠳᠠᠬᠤ ᠶᠤᠮ ᠃ ᠰᠢᠯᠭᠠᠭᠤᠯᠤᠭᠰᠠᠳ ᠡᠷᠡᠮᠡᠯᠵᠡᠯ ᠲᠠᠭᠯᠠᠬᠤ ᠦᠶᠡᠰ ᠮᠡᠳᠡᠭᠡ ᠵᠠᠩᠭᠢ ᠶᠢ ᠡᠵᠡᠮᠳᠡᠭᠰᠡᠡ ᠣᠯᠠᠨ ᠴᠥᠭᠡᠨ ᠪᠠ ᠴᠢᠨᠠᠷ ᠤᠨ ᠰᠠᠶᠢᠨ ᠮᠠᠭᠤ ᠪᠠᠷ ᠡᠷᠡᠮᠡᠯᠵᠡᠯ ᠲᠠᠭᠯᠠᠬᠤ ᠶᠢᠨ ᠣᠨᠤᠪᠴᠢᠲᠠᠢ ᠡᠰᠡᠬᠦ ᠶᠢ ᠲᠣᠭᠲᠠᠭᠠᠨ᠎ᠠ ᠃ ᠡᠷᠡᠮᠡᠯᠵᠡᠯ ᠲᠠᠭᠯᠠᠬᠤ ᠡᠴᠡ ᠡᠮᠦᠨ᠎ᠡ ᠂ ᠡᠯ᠎ᠡ ᠵᠦᠢᠯ ᠤᠨ ᠦᠨ᠎ᠡ ᠥᠷᠲᠡᠭ ᠪᠦᠬᠦᠢ ᠮᠡᠳᠡᠭᠡ ᠵᠠᠩᠭᠢ ᠶᠢ ᠲᠥᠷᠦᠯ ᠬᠤᠪᠢᠶᠠᠠ ᠴᠤᠭᠯᠠᠭᠤᠯᠵᠤ ᠵᠠᠳᠠᠯᠤᠯᠲᠠ ᠬᠢᠭᠰᠡᠨ ᠤ ᠳᠠᠷᠠᠭ᠎ᠠ ᠡᠷᠡᠮᠡᠯᠵᠡᠯ ᠲᠠᠭᠯᠠᠬᠤ ᠭᠤᠭᠴᠤᠭᠠᠠ ᠳᠠᠭᠠᠨ ᠬᠡᠷᠡᠭᠯᠡᠬᠦ ᠳᠤ ᠪᠡᠯᠡᠬᠡᠨ ᠪᠣᠯᠭᠠᠨ᠎ᠠ ᠃ ᠡᠩ ᠤᠨ ᠪᠠᠢᠳᠠᠯ ᠳᠣᠣᠷ᠎ᠠ ᠂ ᠡᠷᠡᠮᠡᠯᠵᠡᠯ ᠲᠠᠭᠯᠠᠬᠤ ᠮᠡᠳᠡᠭᠡ ᠵᠠᠩᠭᠢ ᠳᠤ ᠭᠣᠣᠯᠳᠠᠭᠤ ᠨᠢᠭᠡᠳᠦᠯᠲᠡᠢ ᠰᠢᠯᠭᠠᠯᠲᠠ ᠶᠢᠨ ᠲᠥᠷᠦ ᠶᠢᠨ ᠪᠣᠳᠤᠯᠭ᠎ᠠ ᠂ ᠡᠷᠡᠮᠡᠯᠵᠡᠯ ᠲᠠᠭᠯᠠᠬᠤ ᠮᠡᠳᠡᠭᠡ ᠵᠠᠩᠭᠢ ᠂ ᠲᠤᠰᠭᠠᠢ ᠮᠡᠷᠭᠡᠵᠢᠯ ᠤᠨ ᠪᠠᠢᠳᠠᠯ ᠂ ᠡᠯ᠎ᠡ ᠮᠤᠵᠢ ᠬᠤᠳᠠ ᠦᠪᠡᠷᠲᠡᠭᠡᠡ ᠵᠠᠰᠠᠬᠤ ᠣᠷᠤᠨ ᠤ ᠰᠤᠷᠤᠭᠴᠢ ᠡᠯᠰᠡᠬᠦ ᠪᠠᠢᠳᠠᠯ ᠂ ᠡᠯ᠎ᠡ ᠶᠡᠬᠡ ᠳᠡᠭᠡᠳᠦ ᠰᠤᠷᠭᠠᠭᠤᠯᠢ ᠶᠢᠨ ᠪᠠᠢᠳᠠᠯ ᠵᠢᠴᠢ ᠰᠢᠯᠭᠠᠭᠤᠯᠤᠭᠰᠡᠳ ᠤᠨ ᠥᠪᠡᠷ ᠤᠨ ᠰᠠᠨᠠᠭᠠᠨ ᠳᠠᠭᠠᠨ ᠲᠣᠬᠢᠷᠠᠭᠰᠠᠨ ᠰᠤᠷᠭᠠᠭᠤᠯᠢ ᠶᠢᠨ ᠪᠠᠢᠳᠠᠯ ᠵᠡᠷᠭᠡ ᠮᠡᠳᠡᠭᠡ ᠵᠠᠩᠭᠢ ᠶᠢ ᠨᠠᠷᠢᠨ ᠴᠤᠭᠯᠠᠭᠤᠯᠵᠤ ᠣᠢᠯᠠᠭᠠᠨ᠎ᠠ ᠃

    ᠲᠤᠬᠠᠢᠯᠠᠭᠰᠠᠨ ᠠᠵᠢᠯ ᠤᠨ ᠬᠦᠭᠵᠢᠯᠳᠡᠲᠠᠢ ᠤᠶᠠᠯᠳᠤᠭᠤᠯᠤᠨ ᠭᠠᠵᠠᠷ ᠣᠷᠤᠨ ᠢᠶᠠᠨ ᠰᠣᠩᠭᠤᠬᠤ

    ᠣᠢᠷ᠎ᠠ ᠶᠢᠨ ᠬᠡᠳᠦᠨ ᠵᠢᠯ ᠳᠤ ᠂ ᠴᠥᠭᠡᠨ ᠪᠤᠰᠤ ᠰᠢᠯᠭᠠᠭᠤᠯᠤᠭᠰᠠᠳ ᠡᠷᠡᠮᠡᠯᠵᠡᠯ ᠲᠠᠭᠯᠠᠬᠤ ᠦᠶᠡᠰ ᠂ ᠶᠡᠬᠡ ᠳᠡᠭᠡᠳᠦ ᠰᠤᠷᠭᠠᠭᠤᠯᠢ ᠶᠢᠨ ᠪᠠᠢᠷᠢᠰᠢᠭ᠎ᠠ ᠭᠠᠵᠠᠷ ᠣᠷᠤᠨ ᠢ ᠰᠣᠩᠭᠤᠬᠤ ᠲᠠᠯ᠎ᠠ ᠪᠠᠷ ᠮᠡᠳᠡᠭᠳᠡᠮ᠎ᠡ ᠬᠡᠯᠪᠡᠢᠵᠤ ᠪᠠᠢᠳᠠᠭ ᠂ ᠲᠤᠬᠠᠢᠯᠠᠪᠠᠯ ᠪᠡᠭᠡᠵᠢᠩ ᠂ ᠱᠠᠩᠬᠠᠢ ᠂ ᠨᠡᠨᠵᠢᠩ ᠵᠡᠷᠭᠡ ᠠᠵᠤ ᠠᠬᠤᠢ ᠶᠢᠨ ᠬᠥᠭᠵᠢᠭᠰᠡᠨ ᠭᠠᠵᠠᠷ ᠣᠷᠤᠨ ᠤ ᠰᠤᠷᠭᠠᠭᠤᠯᠢ ᠶᠢ ᠰᠣᠩᠭᠤᠳᠠᠭ ᠃ ᠡᠨᠡ ᠨᠢ ᠶᠠᠷᠢᠶᠠᠠ ᠦᠭᠡᠢ ᠡᠳᠡᠭᠡᠷ ᠭᠠᠵᠠᠷ ᠣᠷᠤᠨ ᠤ ᠰᠤᠷᠭᠠᠭᠤᠯᠢ ᠳᠤ ᠣᠷᠤᠬᠤ ᠥᠷᠢᠰᠦᠯᠳᠦᠭᠡᠨ ᠢ ᠤᠯᠠᠮ ᠬᠤᠷᠴᠠᠳᠤᠭᠤᠯᠤᠭᠰᠠᠠ ᠢᠶᠠᠷ ᠦᠯᠦ ᠪᠠᠷᠡᠮ ᠂ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠷ ᠠᠨᠠᠢᠬᠠᠨ ᠰᠢᠯᠭᠠᠭᠤᠯᠤᠭᠰᠠᠳ ᠲᠤ ᠠᠪᠴᠤ ᠭᠡᠯᠠᠪᠠᠯ ᠨᠡᠩ ᠠᠰᠢᠭ ᠦᠭᠡᠢ ᠪᠠᠢᠳᠠᠭ ᠃ ᠲᠠᠩ ᠴᠤᠯᠭᠤᠢ ᠭᠠᠵᠠᠷ ᠣᠷᠤᠨ ᠢᠶᠠᠷ ᠪᠠᠷᠢᠮᠵᠢᠶ᠎ᠠ ᠪᠣᠯᠭᠠᠵᠤ ᠰᠤᠷᠭᠠᠭᠤᠯᠢ ᠰᠣᠩᠭᠤᠬᠤ ᠨᠢ 《 ᠦᠨᠳᠦᠰᠦ ᠶᠢ ᠨᠢ ᠣᠷᠬᠢᠭᠠᠳ ᠦᠵᠦᠭᠦᠷ ᠢ ᠨᠢ ᠰᠢᠬᠦᠷᠦᠭᠰᠡᠨ 》 ᠶᠠᠪᠤᠳᠠᠯ ᠪᠣᠯᠬᠤ ᠶᠤᠮ ᠃ ᠦᠨᠡᠨ ᠳᠡᠭᠡᠨ ᠵᠠᠷᠢᠮ ᠭᠠᠵᠠᠷ ᠵᠦᠢ ᠶᠢᠨ ᠪᠠᠢᠷᠢᠰᠢᠯ  ᠢᠶᠠᠷ 《 ᠠᠨᠠᠢᠬᠠᠨ 》ᠭᠠᠵᠠᠷ ᠣᠷᠤᠨ ᠳᠤ ᠴᠤ ᠨᠡᠷᠡᠲᠦ ᠂ ᠭᠣᠣᠯᠳᠠᠯᠭᠠᠲᠤ ᠂ ᠣᠨᠴᠠᠯᠢᠭᠲᠤ ᠶᠡᠬᠡ ᠳᠡᠭᠡᠳᠦ ᠰᠤᠷᠭᠠᠭᠤᠯᠢ ᠪᠠᠢᠳᠠᠭ ᠃ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠᠷ ᠳᠠᠪᠠᠭᠤᠯᠢᠭ ᠪᠢᠰᠢ ᠰᠢᠯᠭᠠᠭᠤᠯᠤᠭᠰᠠᠳ ᠬᠦᠭᠵᠢᠭᠰᠡᠡ ᠭᠠᠵᠠᠷ ᠣᠷᠤᠨ ᠤ ᠰᠤᠷᠭᠠᠭᠤᠯᠢ ᠶᠢ ᠰᠣᠩᠭᠤᠬᠤ ᠶᠢᠨ ᠣᠷᠤᠨ ᠳᠤ ᠬᠠᠷᠢᠨ ᠭᠠᠵᠠᠷ ᠵᠦᠢ ᠶᠢᠨ ᠪᠠᠢᠷᠢᠰᠢᠯ  ᠢᠶᠠᠷ 《 ᠠᠨᠠᠢᠬᠠᠨ 》 ᠭᠠᠵᠠᠷ ᠣᠷᠤᠨ ᠤ ᠰᠤᠷᠭᠠᠭᠤᠯᠢ ᠶᠢ ᠰᠣᠩᠭᠤᠵᠤ ᠪᠣᠯᠤᠨ᠎ᠠ ᠃

    ᠡᠷᠡᠮᠡᠯᠵᠡᠯ ᠲᠠᠭᠯᠠᠬᠤ ᠳ᠋ᠠᠭᠠᠨ ᠡᠯ᠎ᠡ ᠲᠠᠯ᠎ᠠ ᠶᠢᠨ ᠪᠠᠢᠳᠠᠯ ᠢ ᠶᠡᠷᠦᠩᠬᠡᠶᠢᠯᠡᠡ ᠪᠣᠳᠤᠯᠬᠢᠯᠠᠬᠤ

    ᠬᠥᠮᠦᠨ ᠨᠢᠭᠡᠪᠦᠷᠢ ᠳᠤ ᠳᠤᠲᠠᠭᠳᠠᠯ ᠪᠠ ᠳᠠᠪᠠᠭᠤᠯᠢᠭ ᠲᠠᠯ᠎ᠠ ᠪᠠᠢᠳᠠᠭ ᠲᠠᠢ ᠠᠳᠠᠯᠢ ᠪᠠᠷ ᠶᠡᠬᠡ ᠳᠡᠭᠡᠳᠦ ᠰᠤᠷᠭᠠᠭᠤᠯᠢ ᠴᠤ ᠠᠳᠠᠯᠢᠬᠠᠨ ᠳᠠᠪᠠᠭᠤᠯᠢᠭ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠦᠷ ᠪᠠᠢᠳᠠᠭ ᠃ ᠨᠡᠷᠡᠲᠦ ᠶᠡᠬᠡ ᠳᠡᠭᠡᠳᠦ ᠰᠤᠷᠭᠠᠭᠤᠯᠢ ᠰᠠᠢᠨ ᠭᠡᠬᠦ ᠳᠤ ᠲᠡᠭᠦᠨ ᠤ ᠪᠦᠬᠦᠢᠯᠡ ᠰᠢᠨᠵᠢᠯᠡᠭᠡᠨ ᠤ ᠰᠠᠯᠠᠭ᠎ᠠ ᠨᠢ ᠴᠥᠮ ᠰᠠᠢᠨ ᠭᠡᠰᠡᠨ ᠶᠠᠪᠤᠳᠠᠯ ᠪᠢᠰᠢ ᠃ ᠰᠤᠷᠭᠠᠭᠤᠯᠢ ᠪᠦᠬᠦᠨ ᠳᠤ ᠥᠪᠡᠷ ᠤᠨ ᠬᠢᠨᠢ ᠵᠣᠬᠢᠬᠤ ᠲᠤᠰᠭᠠᠢ ᠮᠡᠷᠭᠡᠵᠢᠯ ᠤᠨ ᠳᠠᠪᠠᠭᠤᠯᠢᠭ ᠲᠠᠯ᠎ᠠ ᠪᠠᠢᠳᠠᠭ ᠃ ᠰᠢᠯᠢᠳᠡᠭ ᠬᠢᠷᠢ ᠪᠦᠲᠦᠮᠵᠢ ᠲᠠᠢ ᠰᠢᠯᠭᠠᠭᠤᠯᠤᠭᠰᠠᠳ ᠲᠤ ᠠᠪᠴᠤ ᠬᠡᠯᠡᠪᠡᠯ ᠲᠤᠰᠭᠠᠢ ᠮᠡᠷᠭᠡᠵᠢᠯ ᠢ ᠰᠣᠩᠭᠤᠬᠤ ᠳᠠᠭᠠᠨ ᠣᠨᠴᠠᠯᠢᠭ ᠢ ᠪᠣᠳᠤᠯᠬᠢᠯᠠᠬᠤ ᠨᠢ ᠵᠠᠩᠭᠢᠯᠠᠭ᠎ᠠ ᠪᠣᠯᠤᠨ᠎ᠠ ᠂ ᠤᠴᠢᠷ ᠨᠢ ᠨᠢᠭᠡ ᠰᠤᠷᠭᠠᠭᠤᠯᠢ ᠶᠢᠨ ᠣᠨᠴᠠᠯᠢᠭᠲᠤ ᠲᠤᠰᠭᠠᠢ ᠮᠡᠷᠭᠡᠵᠢᠯ ᠤᠨ ᠬᠤᠪᠢ ᠳᠤ ᠪᠠᠭᠰᠢ ᠶᠢᠨ ᠡᠩᠨᠡᠭᠡ ᠨᠢ ᠬᠦᠴᠦᠷᠬᠡᠭ ᠂ ᠰᠤᠳᠤᠯᠭᠠᠨ ᠤ ᠲᠦᠪᠰᠢᠨ ᠨᠢ ᠴᠤ ᠥᠨᠳᠦᠷ ᠪᠠᠢᠳᠠᠭ ᠮᠥᠷᠲᠡᠭᠡᠨ ᠤᠯᠤᠰ ᠤᠨ ᠪᠠ ᠮᠤᠵᠢ ᠬᠤᠳᠠ ᠦᠪᠡᠷᠲᠡᠭᠡᠡ ᠵᠠᠰᠠᠬᠤ ᠣᠷᠤᠨ ᠤ ᠭᠣᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠣᠯᠬᠤ ᠶᠤᠮ ᠃

    ᠡᠢᠮᠦ ᠡᠴᠡ ᠰᠢᠯᠭᠠᠭᠤᠯᠤᠭᠰᠠᠳ ᠡᠷᠡᠮᠡᠯᠵᠡᠯ ᠲᠠᠭᠯᠠᠬᠤ ᠳᠠᠭᠠᠨ ᠂ ᠥᠪᠡᠷ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠪᠠ ᠲᠤᠰᠭᠠᠢ ᠮᠡᠷᠭᠡᠵᠢᠯ ᠤᠨ ᠳᠤᠷ᠎ᠠ ᠪᠠᠬ᠎ᠠ ᠪᠠᠨ ᠦᠨᠳᠦᠰᠦᠯᠡᠨ ᠂ ᠶᠡᠬᠡ ᠳᠡᠭᠡᠳᠦ ᠰᠤᠷᠭᠠᠭᠤᠯᠢ ᠶᠢᠨ ᠬᠠᠮᠤᠭ ᠤᠨ ᠬᠦᠴᠦᠷᠬᠡᠭ ᠲᠤᠰᠭᠠᠢ ᠮᠡᠷᠭᠡᠵᠢᠯ ᠬᠢᠭᠡᠳ ᠬᠠᠮᠤᠭ ᠤᠨ ᠥᠪᠡᠷᠮᠢᠴᠡ ᠣᠨᠴᠠᠯᠢᠭ ᠲᠠᠢ ᠲᠤᠰᠭᠠᠢ ᠮᠡᠷᠭᠡᠵᠢᠯ ᠢ ᠰᠣᠩᠭᠤᠬᠤ ᠨᠢ ᠬᠠᠮᠤᠭ ᠤᠨ ᠴᠢᠬᠤᠯᠠ ᠶᠤᠮ ᠃``

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃