lt
ᠪᠢᠴᠢᠭ᠌ ᠮᠠᠲ᠋ᠧᠷᠢᠶᠠᠯ
ᠶᠠᠫᠤᠨ ᠭᠧᠷᠮᠠᠨ ᠬᠢᠭᠡᠳ ᠳᠤᠮᠳᠠᠲᠦ ᠤᠯᠤᠰ ᠤᠨ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠢᠯᠭᠠᠭ᠎ᠠ
2016.03.17 ᠲᠣᠰ ᠥᠷᠲᠡᠭᠡᠨ ᠦ ᠨᠠᠢᠷᠠᠭᠤᠯᠤᠭᠴᠢ

ᠶᠡᠫᠤᠨ ᠤ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠄

◆ ᠶᠡᠫᠤᠨ ᠤ ᠬᠡᠦᠬᠡᠳ ᠤᠨ ᠴᠡᠴᠡᠷᠯᠢᠭ ᠄ ᠬᠡᠦᠬᠡᠳ ᠦᠶ᠎ᠡ ᠶᠢᠨ ᠤᠨᠴᠡᠯᠢᠬ ᠰᠢᠨᠵᠢ ᠵᠢᠴᠢ ᠬᠡᠦᠬᠡᠳ ᠨᠡᠢᠭᠡᠮ ᠤᠨ ᠣᠷᠴᠢᠨ ᠲᠣᠭᠤᠷᠢᠨ ᠲᠠᠢ ᠦᠢᠷᠡᠲᠦᠬᠤ ᠪᠠᠷ ᠰᠠᠭᠤᠷᠢ ᠪᠣᠯᠭᠠᠨ ᠬᠥᠮᠦᠵᠢᠯ ᠬᠢᠲᠡᠭ ᠪᠣᠯᠬᠣᠷ ᠪᠠᠭᠰᠢ ᠨᠡᠷ ᠪᠤᠯᠤᠨ ᠬᠡᠦᠬᠡᠳ ᠤᠳ ᠬᠠᠮᠲᠦᠪᠡᠷ ᠰᠠᠢᠨ ᠰᠠᠢᠬᠠᠨ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠪᠠᠷ ᠴᠢᠷᠮᠠᠢᠵᠡᠭᠠᠲᠡᠬ ᠃ ᠶᠠᠫᠤᠨ ᠤ ᠬᠡᠦᠬᠡᠳ ᠤᠨ ᠴᠡᠴᠡᠷᠯᠢᠭ ᠤᠨ ᠠᠮᠢᠲᠦᠷᠡᠯ ᠤᠨ ᠬᠡᠯᠪᠡᠷᠢ ᠶᠢ ᠳᠤᠷ᠎ᠠ ᠶᠢᠨ ᠠᠵᠢᠯᠯᠠᠭ᠎ᠠ ᠪᠡ ᠬᠠᠮᠲᠤ ᠶᠢᠨ ᠠᠵᠢᠯᠯᠠᠭ᠎ᠠ ᠭᠡᠵᠦ ᠬᠤᠪᠢᠶᠠᠲᠠᠬ ᠃ ᠶᠠᠫᠤᠨ ᠤ ᠬᠡᠦᠬᠡᠳ ᠤᠨ ᠴᠡᠴᠡᠷᠯᠢᠭ ᠳᠤᠷ᠎ᠠ ᠶᠢᠨ ᠠᠵᠢᠯᠯᠠᠭ᠎ᠠ ᠪᠠᠷ ᠭᠣᠣᠯ ᠴᠤᠭᠴᠡ ᠪᠣᠯᠭᠠᠵᠤ ᠂ ᠠᠩᠭᠢ ᠨᠢᠭᠡᠴᠡ ᠂ ᠡᠯ᠎ᠡ ᠨᠠᠰᠤᠨ ᠤ ᠱᠠᠲᠤᠨ ᠳᠠᠬᠢ ᠬᠡᠦᠬᠡᠳ ᠲᠤ ᠥᠪᠡᠷ ᠤᠨ ᠳᠤᠷ᠎ᠠ ᠰᠣᠨᠢᠷᠬᠠᠯ ᠢᠶᠠᠨ ᠦᠨᠲᠦᠰᠤᠯᠡᠨ ᠬᠡᠷ ᠤᠨ ᠭᠠᠳᠠᠨᠠᠬᠢ ᠲᠣᠮᠤ ᠬᠡᠯᠪᠡᠷᠢ ᠶᠢᠨ ᠪᠡᠶ᠎ᠡ ᠶᠢᠨ ᠬᠥᠳᠡᠯᠭᠡᠭᠡᠨ ᠤ ᠪᠠᠭᠠᠵᠢ ᠲᠣᠨᠤᠭ ( ᠳᠡᠭᠦᠵᠢᠩ ᠂ ᠳᠡᠪᠬᠡᠷᠭᠡ ᠣᠷᠤ ᠂ ᠠᠪᠠᠷᠢᠬᠤ ᠵᠢᠶᠠᠰᠡ ᠵᠡᠷᠭᠡ ) ᠂ ᠪᠠᠭ᠎ᠠ ᠬᠡᠯᠪᠡᠷᠢ ᠶᠢᠨ ᠬᠥᠳᠡᠯᠭᠡᠭᠡᠨ ᠤ ᠪᠠᠭᠠᠵᠢ ᠬᠡᠷᠡᠭᠰᠡᠯ ( ᠪᠥᠮᠪᠦᠭᠡ ᠂ ᠳᠡᠭᠡᠰᠦ ᠂ ᠡᠯᠡᠰᠦ ᠵᠡᠷᠭᠡ ᠪᠠᠭᠠᠵᠢ ᠬᠡᠷᠡᠭᠰᠡᠯ )ᠵᠢᠴᠢ ᠭᠡᠷ ᠲᠤᠲᠤᠷᠡᠬᠢ ᠨᠠᠭᠠᠲᠦᠮ ᠲᠣᠭᠯᠠᠭᠠᠮ ᠤᠨ ᠵᠦᠢᠯᠡᠰ ( ᠵᠡᠷᠬᠡᠯᠡᠬᠦ ᠮᠣᠳᠤᠨ ᠲᠣᠭᠯᠠᠭᠠᠮ ᠂ ᠨᠣᠮ ᠪᠢᠴᠢᠭ᠌ ᠵᠢᠷᠤᠭ ᠳᠡᠪᠲᠡᠷ ᠵᠡᠷᠭᠡ ) ᠢ ᠰᠠᠢᠨ ᠳᠤᠷ᠎ᠠ ᠡᠴᠡ ᠪᠠᠨ ᠰᠣᠩᠭᠤᠵᠤ ᠨᠠᠭᠠᠳᠬᠤ ᠪᠤᠶᠤ ᠰᠣᠨᠢᠷᠬᠠᠬᠤ ᠂ ᠬᠡᠦᠬᠡᠳ ᠤᠨ ᠰᠡᠳᠭᠢᠴᠡ ᠶᠢᠨ ᠲᠠᠯ᠎ᠠ ᠪᠠᠷ ᠬᠢ ᠳᠤᠷ᠎ᠠ ᠪᠠᠬ᠎ᠠ ᠶᠢ ᠠᠯᠢ ᠴᠢᠲᠠᠬᠤᠢᠴᠡ ᠪᠠᠷ ᠬᠠᠩᠭᠠᠵᠤ ᠂ ᠡᠷᠡᠭᠦᠯ ᠬᠥᠭᠵᠢᠯᠲᠡ ᠶᠢ ᠠᠬᠢᠭᠤᠯᠲᠡᠬ ᠁ ᠶᠠᠫᠤᠨ ᠤ ᠬᠡᠦᠬᠡᠳ ᠤᠨ ᠴᠡᠴᠡᠷᠯᠢᠭ ᠨᠢ ᠲᠣᠭᠯᠠᠭᠠᠮ ᠢᠶᠠᠷ ᠵᠠᠭᠤᠴᠢ ᠪᠣᠯᠭᠠᠵᠤ ᠂ ᠬᠡᠦᠬᠡᠳ ᠤᠨ ᠮᠡᠳᠡᠷᠡᠬᠦ ᠴᠢᠲᠡᠪᠤᠷᠢ ᠶᠢ ᠭᠦᠢᠴᠡᠳ ᠬᠥᠮᠦᠵᠢᠭᠦᠯᠵᠦ ᠂ ᠨᠠᠭᠠᠲᠦᠮ ᠤᠨ ᠶᠠᠪᠤᠴᠡ ᠳᠤ ᠮᠡᠲᠡᠯᠬᠡ ᠬᠤᠷᠡᠮᠲᠦᠭᠤᠯᠤᠨ ᠂ ᠲᠤᠷᠰᠢᠯᠭ᠎ᠠ ᠪᠠᠨ ᠪᠠᠲᠤᠳᠭᠠᠵᠤ ᠂ ᠡᠭᠦᠨ ᠤ ᠤᠯᠠᠮ ᠢᠶᠠᠷ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠲᠡᠬ ᠃ ᠡᠳᠦᠷ ᠪᠦᠷᠢ ᠲᠦᠯᠤᠪᠯᠡᠬᠡ ᠲᠠᠢ ᠂ ᠵᠣᠬᠢᠶᠠᠨ ᠪᠠᠢᠭᠤᠯᠤᠯᠲᠠ ᠲᠠᠢ ᠰᠤᠷᠭᠠᠨ ᠬᠥᠮᠦᠵᠢᠯ ᠤᠨ ᠠᠵᠢᠯᠯᠠᠭ᠎ᠠ ᠲᠤᠲᠤᠷ᠎ᠠ ᠂ ᠬᠠᠮᠲᠤ ᠶᠢᠨ ᠠᠵᠢᠯᠯᠠᠭ᠎ᠠ ᠶᠢᠨ ᠴᠠᠭ ᠤᠨ ᠡᠵᠡᠯᠡᠬᠦ ᠬᠠᠷᠢᠴᠠᠯ ᠨᠢ ᠲᠤᠩ ᠪᠠᠭ᠎ᠠ ᠂ ᠪᠠᠷᠦᠬ ᠡᠳᠦᠷ ᠲᠤ 20 ᠊᠊᠊᠊᠊᠊᠊ 50 ᠮᠢᠨᠦ᠋ᠲ ᠯᠡ ᠪᠠᠢᠲᠠᠬ ᠃ ᠡᠭᠦᠨ ᠳᠡᠭᠡᠨ ᠭᠤᠤᠯᠲᠠᠭᠤ ᠮᠠᠨᠲᠦ ᠠᠰᠠᠭᠤᠬᠤ ᠂ ᠳᠠᠭᠤᠤ ᠳᠠᠭᠤᠯᠠᠬᠤ ᠂ ᠦᠯᠢᠭᠡᠷ ᠰᠣᠨᠤᠰᠬᠤ ᠂ ᠴᠠᠭᠠᠰᠤ ᠨᠤᠭᠤᠯᠬᠤ ᠠᠵᠢᠯᠯᠠᠭ᠎ᠠ ᠵᠡᠷᠭᠡ ᠰᠠᠭᠤᠷᠢ ᠮᠡᠲᠡᠯᠬᠡ ᠂ ᠦᠨᠳᠦᠰᠦᠨ ᠤᠷ᠎ᠠ ᠴᠢᠲᠡᠪᠤᠷᠢ ᠶᠢᠨ ᠬᠥᠮᠦᠵᠢᠯ ᠬᠢᠲᠡᠭ ᠃

ᠳᠤᠮᠳᠠᠲᠦ ᠤᠯᠤᠰ ᠤᠨ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠄

◆ ᠳᠤᠮᠳᠠᠲᠦ ᠤᠯᠤᠰ ᠤᠨ ᠬᠡᠦᠬᠡᠳ ᠤᠨ ᠴᠡᠴᠡᠷᠯᠢᠭ ᠄ ᠳᠤᠮᠳᠠᠲᠦ ᠤᠯᠤᠰ ᠤᠨ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠨᠢ ᠶᠣᠰᠤ ᠮᠣᠷᠠᠯ ᠂ ᠣᠶᠤᠨ ᠤᠬᠠᠭᠠᠨ ᠂ ᠪᠡᠶ᠎ᠡ ᠮᠠᠬᠠᠪᠤᠳ ᠂ ᠭᠤᠸ᠎ᠠ ᠰᠠᠢᠬᠠᠨ ᠵᠡᠷᠭᠡ ᠡᠯ᠎ᠡ ᠲ᠋ᠡᠯ᠎ᠡ ᠶᠢᠨ ᠬᠥᠮᠦᠵᠢᠯ ᠢ ᠬᠠᠷᠢᠯᠴᠡᠨ ᠠᠭᠤᠰᠭᠠᠨ ᠨᠢᠬᠡᠳᠬᠡᠵᠤ ᠂ ᠣᠷᠭᠠᠨᠢᠭ ᠢᠶᠠᠷ ᠤᠶᠡᠯᠲᠦᠭᠤᠯᠲᠡᠬ ᠃ ᠬᠡᠦᠬᠡᠳ ᠤᠨ ᠪᠡᠶ᠎ᠡ ᠰᠡᠳᠭᠢᠴᠡ ᠶᠢᠨ ᠬᠥᠭᠵᠢᠯᠲᠡ ᠶᠢᠨ ᠵᠢᠮ᠎ᠡ ᠬᠠᠤᠯᠢ ᠶᠢ ᠵᠢᠷᠦᠮᠯᠡᠵᠤ ᠂ ᠬᠡᠦᠬᠡᠳ ᠤᠨ ᠨᠠᠰᠤᠨ ᠤ ᠣᠨᠴᠠᠯᠢᠭ ᠲᠤ ᠲᠤᠬᠢᠷᠡᠭᠤᠯᠤᠨ ᠂ ᠪᠤᠲᠠᠭᠠᠯᠢ ᠪᠡᠶ᠎ᠡ ᠶᠢᠨ ᠵᠥᠷᠢᠶ᠎ᠡ ᠶᠢ ᠠᠩᠬᠠᠷᠦᠨ ᠂ ᠬᠥᠮᠦᠨ ᠢ ᠦᠨᠲᠤᠰᠤᠯᠡᠨ ᠰᠤᠷᠭᠠᠨ ᠬᠥᠮᠦᠵᠢᠭᠦᠯᠵᠦ ᠂ ᠬᠡᠦᠬᠡᠳ ᠤᠨ ᠵᠠᠩ ᠴᠢᠨᠠᠷ ᠤᠨ ᠡᠷᠡᠭᠦᠯ ᠬᠥᠭᠵᠢᠯᠲᠡ ᠶᠢ ᠬᠦᠲᠦᠯᠤᠨ ᠵᠢᠯᠤᠭᠤᠳᠲᠠᠬ ᠃ ᠲᠤᠮᠲᠠᠲᠦ ᠤᠯᠤᠰ ᠤᠨ ᠬᠡᠦᠬᠡᠳ ᠤᠨ ᠴᠡᠴᠡᠷᠯᠢᠭ ᠤᠨ ᠬᠢᠴᠢᠶᠠᠯᠯᠠᠭᠡ ᠶᠢᠨ ᠲᠤᠬᠢᠷᠡᠭᠤᠯᠤᠯᠲᠡ ᠳᠤ ᠬᠠᠢᠷ᠎ᠠ ᠰᠡᠳᠭᠢᠯᠭᠡ ᠶᠢᠨ ᠬᠥᠮᠦᠵᠢᠯ ᠢ ᠲᠤᠢᠯ ᠢᠶᠠᠷ ᠴᠢᠬᠤᠯᠡᠴᠢᠯᠠᠲᠡᠬ ᠃ ᠵᠢᠱᠢᠶᠡᠯᠡᠪᠡᠯ ᠂ ᠬᠡᠦᠬᠡᠳ ᠲᠤ ᠤᠯᠤᠰ ᠢᠶᠠᠨ ᠬᠠᠢᠷᠡᠯᠠᠬᠤ ᠂ ᠬᠡᠷ ᠢᠶᠠᠨ ᠬᠠᠢᠷᠠᠯᠠᠬᠤ ᠂ ᠬᠠᠮᠲᠤ ᠨᠡᠢᠲᠡ ᠪᠠᠨ ᠬᠠᠢᠷᠡᠯᠠᠬᠤ ᠂ ᠬᠦᠲᠡᠯᠮᠤᠷᠢ ᠶᠢ ᠬᠠᠢᠷᠡᠯᠠᠬᠤ ᠵᠡᠷᠭᠡ ᠬᠠᠢᠷ᠎ᠠ ᠰᠡᠳᠭᠢᠯᠭᠡ ᠶᠢᠨ ᠬᠥᠮᠦᠵᠢᠯ ᠢ ᠢᠯᠡᠭᠦᠬᠡᠨ ᠬᠢᠵᠦ ᠂ ᠬᠡᠦᠬᠡᠳ ᠤᠨ ᠬᠠᠷᠢᠴᠠᠬᠤᠢ ᠴᠢᠲᠡᠪᠤᠷᠢ ᠶᠢᠨ ᠬᠥᠭᠵᠢᠯᠲᠡ ᠶᠢ ᠪᠦᠲᠦᠮᠵᠢᠲᠡᠢ ᠠᠬᠢᠭᠤᠯᠲᠡᠬ ᠃ ᠡᠭᠦᠨ ᠤ ᠳᠠᠭᠠᠤ ᠮᠠᠨ ᠤ ᠤᠯᠤᠰ ᠤᠨ ᠰᠤᠷᠭᠠᠨ ᠬᠥᠮᠦᠵᠢᠯ ᠤᠨ ᠵᠣᠷᠢᠯᠭ᠎ᠠ ᠶᠢᠨ ᠲᠤᠬᠢᠷᠡᠭᠤᠯᠤᠯᠲᠡ ᠳᠡᠭᠡᠷ᠎ᠡ ᠬᠡᠦᠬᠡᠳ ᠤᠨ ᠭᠤᠸ᠎ᠠ ᠰᠠᠢᠬᠠᠨ ᠤ ᠬᠦᠷᠲᠡᠭᠡᠯ ᠵᠢᠴᠢ ᠢᠯᠡᠷᠡᠭᠦᠯᠬᠦ ᠴᠢᠲᠡᠪᠤᠷᠢ ᠶᠢ ᠬᠥᠮᠦᠵᠢᠭᠦᠯᠬᠦ ᠶᠢ ᠴᠢᠬᠤᠯᠡᠴᠢᠯᠡᠲᠡᠬ ᠃ ᠤᠷ᠎ᠡ ᠮᠡᠷᠭᠡᠵᠢᠯ ᠢ ᠤᠯᠠᠮᠵᠢᠯᠠᠬᠤ ᠶᠢ ᠣᠨᠴᠠᠭᠠᠢ ᠴᠢᠬᠤᠯᠠᠴᠢᠯᠠᠲᠠᠬ ᠢᠶᠠᠷ ᠬᠡᠦᠬᠡᠳ ᠤᠨ ᠭᠤᠸ᠎ᠠ ᠰᠠᠢᠬᠠᠨ ᠤ ᠢᠯᠡᠳᠭᠡᠬᠦ ᠴᠢᠲᠡᠪᠤᠷᠢ ᠨᠡᠯᠢᠶᠡᠳ ᠴᠢᠩᠭ᠎ᠠ ᠪᠠᠢᠲᠠᠬ ᠃

 ᠭᠧᠷᠮᠠᠨ ᠤ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠄

◆ ᠭᠧᠷᠮᠠᠨ ᠤ ᠬᠡᠦᠬᠡᠳ ᠤᠨ ᠴᠡᠴᠡᠷᠯᠢᠭ ᠄ ᠭᠧᠷᠮᠠᠨ ᠤ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠨᠢ ᠬᠡᠦᠬᠡᠳ ᠤᠨ ᠰᠡᠳᠭᠢᠯᠭᠡ ᠶᠢ ᠬᠠᠩᠭᠠᠬᠤ ᠪᠡ ᠦᠢᠯᠡᠲᠦᠯᠬᠡ ᠳᠤ ᠣᠷᠤᠯᠴᠠᠬᠤ ᠶᠢ ᠲᠡᠷᠢᠭᠦᠨ ᠪᠠᠢᠷᠢᠨ ᠳᠤ ᠲᠠᠯᠪᠢᠨ ᠴᠢᠬᠤᠯᠡᠴᠢᠯᠠᠵᠤ ᠂ ᠡᠬᠡ ᠪᠠᠢᠭᠠᠯᠢ ᠶᠢ ᠡᠷᠬᠢᠮᠯᠡᠬᠦ ᠬᠥᠮᠦᠵᠢᠯ ᠬᠢᠵᠦ ᠂ ᠬᠡᠦᠬᠡᠳ ᠢ ᠪᠠᠢᠭᠠᠯᠢ ᠲᠠᠢ ᠦᠢᠷᠡᠲᠤᠭᠤᠯᠵᠤ ᠲᠤᠢᠷᠰᠤᠯᠡᠨ ᠪᠣᠳᠤᠬᠤ ᠴᠢᠲᠡᠪᠤᠷᠢ ᠪᠡ ᠡᠬᠦᠲᠦᠨ ᠪᠦᠲᠦᠬᠡᠬᠦ ᠴᠢᠲᠡᠪᠤᠷᠢ ᠶᠢ ᠨᠢ ᠬᠦᠭᠵᠢᠬᠡᠲᠡᠭ ᠃ ᠭᠧᠷᠮᠠᠨ ᠤ ᠬᠡᠦᠬᠡᠳ ᠤᠨ ᠴᠡᠴᠡᠷᠯᠢᠭ ᠤᠨ ᠠᠵᠢᠯᠯᠠᠭ᠎ᠠ ᠳᠠᠷᠤᠢ ᠬᠡᠦᠬᠡᠳ ᠴᠡᠴᠡᠷᠯᠢᠭ ᠲᠤ ᠰᠠᠭᠤᠬᠤ 3 ᠵᠢᠯ ᠤᠨ ᠬᠤᠭᠤᠴᠠᠭᠠᠨ ᠳᠤ ᠂ ᠴᠠᠭᠳᠠᠭᠠᠨ ᠤ ᠲᠣᠪᠴᠢᠶ᠎ᠠ ᠪᠠᠷ ᠲᠣᠭᠤᠷᠢᠨ ᠦᠵᠡᠵᠦ ᠂ ᠴᠠᠭᠳᠠᠭ᠎ᠠ ᠶᠠᠭᠤ ᠬᠢᠲᠡᠭ ᠬᠥᠮᠦᠨ ᠬᠡᠲᠡᠭ ᠢ ᠮᠡᠲᠡᠵᠤ ᠠᠪᠤᠨ᠎ᠠ ︔ ᠵᠠᠮ ᠵᠠᠭᠤᠷ᠎ᠠ ᠪᠠᠨ ᠮᠠᠭᠤ ᠬᠥᠮᠦᠨ ᠲᠠᠢ ᠤᠴᠠᠷᠡᠪᠡᠯ ᠬᠡᠷᠭᠢᠨ ᠲᠦᠭᠰᠢᠭᠦᠷᠢ ᠮᠡᠲᠡᠭᠡᠯᠡᠬᠦ ︔ ᠭᠠᠯ ᠤᠨ ᠴᠠᠭᠳᠠᠭ᠎ᠠ ᠲᠠᠢ ᠭᠠᠯ ᠤᠨᠲᠠᠷᠡᠭᠠᠬᠤ ᠮᠡᠲᠡᠯᠬᠡ ᠶᠢ ᠬᠠᠮᠲᠤ ᠰᠤᠷᠤᠯᠴᠡᠨ ᠂ ᠡᠳᠦᠷ ᠲᠤᠲᠤᠮ ᠤᠨ ᠠᠮᠢᠲᠦᠷᠡᠯ ᠲᠤᠮᠲᠠᠬᠢ ᠭᠠᠯ ᠤᠨ ᠠᠶᠤᠯ ᠡᠴᠡ ᠬᠡᠷᠬᠢᠨ ᠵᠠᠢᠯᠠᠬᠤ ︔ ᠬᠣᠲᠠ ᠶᠢᠨ ᠵᠠᠰᠠᠭ ᠤᠨ ᠣᠷᠳᠤᠨ ᠢᠶᠠᠷ ᠲᠣᠭᠤᠷᠢᠨ ᠦᠵᠡᠵᠦ ᠂ ᠠᠷᠠᠳ ᠲᠦᠮᠡᠨ ᠳᠤ ᠦᠢᠯᠡᠴᠢᠯᠡᠲᠡᠭ ᠬᠣᠲᠠ ᠶᠢᠨ ᠳᠠᠷᠤᠭ᠎ᠠ ᠶᠠᠮᠡᠷᠰᠢᠤ ᠬᠥᠮᠦᠨ ᠪᠣᠯᠤᠨ᠎ᠠ ᠬᠡᠲᠡᠭ ᠢ ᠲᠠᠨᠢᠵᠤ ᠮᠡᠲᠡᠨ᠎ᠠ ︔ ᠨᠣᠮ ᠤᠨ ᠰᠠᠩ ᠢᠶᠠᠷ ᠲᠣᠭᠤᠷᠢᠵᠤ ᠂ ᠨᠣᠮ ᠵᠢᠭᠡᠯᠡᠬᠦ ᠪᠡ ᠨᠣᠮ ᠢ ᠬᠡᠷᠬᠢᠨ ᠪᠤᠴᠠᠭᠠᠬᠤ ᠶᠢ ᠪᠦᠷ ᠰᠤᠷᠤᠯᠴᠠᠨ᠎ᠠ ︔ ᠢᠯᠡᠭᠦᠴᠡ ᠬᠣᠭ ᠨᠣᠪᠰᠢ ᠶᠢ ᠦᠢᠯᠡᠳᠬᠦ ᠦᠭᠡᠢ ᠮᠥᠷᠲᠡᠭᠡᠨ ᠬᠣᠭ ᠨᠣᠪᠰᠢ ᠶᠢᠨ ᠲᠥᠷᠦᠯ ᠢ ᠢᠯᠭᠠᠨ ᠰᠠᠯᠭᠠᠵᠤ ᠴᠢᠳᠠᠬᠤ ︔ ᠬᠤᠲᠡᠯᠲᠦᠭ᠎ᠠ ᠪᠡ ᠬᠤᠲᠠᠯᠲᠦᠭᠠᠨ ᠤ ᠲᠠᠯᠠᠪᠤᠷ ᠢ ᠢᠯᠭᠠᠨ ᠲᠠᠨᠢᠵᠤ ᠳᠡᠢᠯᠬᠦ ᠭᠡᠬᠦ ᠮᠡᠲᠦ ᠁ ᠡᠴᠡ ᠵᠢᠭᠠᠨ ᠰᠤᠷᠭᠠᠨ᠎ᠠ ᠃ ᠬᠡᠦᠬᠡᠳ 3 ᠵᠢᠯ ᠤᠨ ᠰᠤᠷᠤᠯᠴᠠᠯᠭ᠎ᠠ ᠶᠢᠨ ᠶᠠᠪᠤᠴᠠ ᠪᠠᠷ ᠳᠠᠮᠵᠢᠨ ᠂ ᠥᠪᠡᠷ ᠤᠨ ᠡᠳᠦᠷ ᠲᠤᠲᠤᠮ ᠤᠨ ᠬᠢᠵᠦ ᠤᠷᠤᠯᠲᠤᠬᠤ ᠵᠦᠢᠯ ᠢᠶᠠᠨ ᠥᠪᠡᠷ ᠢᠶᠠᠨ ᠭᠠᠷ ᠬᠦᠲᠡᠯᠵᠤ ᠬᠢᠵᠦ ᠴᠢᠲᠡᠲᠡᠬ ᠪᠣᠯᠤᠨ᠎ᠠ ᠃ 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃