lt
ᠪᠢᠴᠢᠭ᠌ ᠮᠠᠲ᠋ᠧᠷᠢᠶᠠᠯ
ᠶᠡᠷᠦᠩᠭ᠍ᠡᠢ ᠰᠠᠢᠳ ᠯᠢ ᠺᠸ ᠴᠢᠶᠠᠩ ᠤᠨ ᠰᠤᠷᠭᠠᠨ ᠭᠦᠮᠦᠵᠢ᠍ᠯ ᠦᠨ ᠠᠵᠢ᠍ᠯ ᠦᠨ ᠲᠤᠬᠠᠢ ᠴᠢ᠍ᠬᠤᠯᠠ ᠴᠤᠬᠤᠯᠠᠪᠤᠷᠢ
2016.05.24 ᠲᠣᠰ ᠥᠷᠲᠡᠭᠡᠨ ᠦ ᠨᠠᠢᠷᠠᠭᠤᠯᠤᠭᠴᠢ

ᠴᠣᠬᠤᠯᠠᠪᠤᠷᠢ ᠳᠤ ᠳᠤᠷᠠᠳᠤᠭᠰᠠᠨ ᠨᠢ 《 ᠠᠷᠪᠠᠨ ᠬᠣᠶᠠᠳᠤᠭᠠᠷ ᠲᠠᠪᠤᠨ ᠵᠢᠯ 》 ᠤᠨ ᠲᠥᠯᠦᠪᠯᠡᠭᠡᠨ ᠤ ᠬᠤᠭᠤᠴᠠᠭᠠᠨ ᠳᠤ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠲᠥᠪ ᠬᠣᠷᠢᠶ᠎ᠠ ᠂ ᠲᠥᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠪᠡᠷ ᠲᠤᠭᠤᠰᠢᠯᠠᠭᠤᠯᠵᠤ ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠰᠢᠨ᠎ᠡ ᠨᠢᠭᠡ ᠱᠠᠳᠤᠨ ᠳᠤ ᠠᠬᠢᠭᠤᠯᠵᠠᠢ ᠃ ᠤᠷᠳᠤ ᠬᠤᠭᠤᠴᠠᠭ᠎ᠠ ᠪᠡᠷ ᠰᠤᠷᠭᠠᠨ ᠬᠥᠮᠦᠵᠢᠯ ᠤᠨ ᠨᠢᠭᠡᠳᠦᠭᠡᠷ ᠤᠲᠠᠰᠤᠨ ᠳᠤ ᠬᠠᠯᠠᠰᠢᠷᠠᠯ ᠦᠭᠡᠢ ᠴᠢᠷᠮᠠᠢᠨ ᠵᠢᠳᠭᠦᠭᠰᠡᠨ ᠪᠠᠭᠰᠢ ᠠᠵᠢᠯᠲᠠᠨ ᠳᠤ ᠪᠡᠨ ᠰᠡᠳᠭᠢᠯ ᠤᠨ ᠤᠭ ᠡᠴᠡ ᠪᠡᠨ ᠤᠨᠳᠤᠷᠤᠭᠰᠠᠨ ᠲᠣᠬᠤᠨᠢᠭᠤᠯᠭ᠎ᠠ ᠪᠡᠨ ᠲᠡᠪᠰᠢᠭᠦᠯᠵᠤ ᠪᠠᠢᠨ᠎ᠠ ᠃

ᠴᠣᠬᠤᠯᠠᠪᠤᠷᠢ ᠳᠤ ᠴᠢᠬᠤᠯᠠᠴᠢᠯᠠᠭᠰᠠᠨ ᠨᠢ 《 ᠠᠷᠪᠠᠨ ᠭᠤᠷᠪᠠᠳᠤᠭᠠᠷ ᠲᠠᠪᠤᠨ ᠵᠢᠯ 》 ᠤᠨ ᠬᠤᠭᠤᠴᠠᠭᠠᠨ ᠳᠤ ᠰᠢᠨ᠎ᠡ ᠬᠥᠭᠵᠢᠯᠲᠡ ᠶᠢᠨ ᠤᠨᠤᠯᠵᠢᠭᠤᠨ ᠶᠢ ᠭᠦᠨ ᠭᠦᠨᠵᠡᠭᠡᠢ ᠬᠠᠳᠠᠩᠰᠢᠭᠤᠯᠵᠤ ᠂ ᠰᠤᠷᠭᠠᠨ ᠬᠥᠮᠦᠵᠢᠯ ᠤᠨ ᠡᠷᠬᠡ ᠲᠡᠭᠰᠢ ᠪᠤᠯᠤᠨ ᠴᠢᠨᠠᠷᠵᠢᠯ ᠤᠨ ᠪᠠᠲᠤᠯᠠᠭ᠎ᠠ ᠶᠢᠨ ᠲᠣᠭᠤᠷᠢᠨ ᠳᠤ ᠨᠡᠢᠭᠡᠮ ᠠᠵᠤ ᠠᠬᠤᠢ ᠶᠢᠨ ᠬᠥᠭᠵᠢᠯᠲᠡ ᠲᠡᠢ ᠨᠡᠢᠴᠡᠭᠰᠡᠨ ᠰᠤᠷᠭᠠᠨ ᠬᠥᠮᠦᠵᠢᠯ ᠤᠨ ᠶᠡᠷᠦᠩᠭᠡᠢᠯᠡᠭᠰᠡᠨᠦᠭᠡᠷᠡᠴᠢᠯᠡᠯᠳᠠ ᠶᠢ ᠭᠦᠨᠵᠡᠭᠡᠢᠷᠡᠭᠦᠯᠵᠤ ᠂ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠦᠨ ᠵᠣᠬᠢᠴᠠᠭᠤᠯᠵᠤ ᠂ ᠬᠥᠳᠡᠭᠡ ᠲᠣᠰᠭᠤᠨ ᠂ ᠣᠷᠤᠨ ᠬᠡᠪᠴᠢᠶ᠎ᠡ ᠂ ᠰᠤᠷᠭᠠᠭᠤᠯᠢ ᠨᠤᠭᠤᠳ ᠤᠨ ᠡᠬᠢ ᠰᠤᠷᠪᠤᠯᠵᠢ ᠶᠢᠨ ᠲᠣᠬᠢᠷᠠᠭᠤᠯᠤᠯᠲᠠ ᠶᠢᠨ ᠵᠥᠷᠢᠶ᠎ᠡ ᠶᠢ ᠪᠠᠭᠠᠰᠭᠠᠵᠤ ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ ᠤᠨ ᠭᠣᠣᠯᠳᠠᠯᠭ᠎ᠠ ᠲᠡᠢ ᠶᠡᠬᠡ ᠰᠤᠷᠭᠠᠭᠤᠯᠢ ᠳᠤ ᠣᠷᠤᠬᠤ ᠨᠤᠷᠮ᠎ᠠ ᠶᠢ ᠦᠷᠭᠦᠯᠵᠢᠯᠡᠨ ᠨᠡᠮᠡᠭᠳᠡᠭᠦᠯᠵᠦ ᠂ ᠵᠢᠭᠠᠨ ᠰᠤᠷᠭᠠᠯᠲᠠ ᠂ ᠵᠢᠭᠠᠨ ᠰᠤᠳᠤᠯᠭᠠᠨ ᠤ ᠬᠢᠷᠢ ᠬᠡᠮᠵᠢᠶ᠎ᠡ ᠶᠢ ᠲᠡᠭᠦᠯᠳᠡᠷᠵᠢᠭᠦᠯᠵᠦ ᠂ ᠰᠢᠨ᠎ᠡ ᠶᠢ ᠡᠭᠦᠳᠦᠭᠰᠡᠨ ᠰᠤᠷᠭᠠᠨ ᠬᠥᠮᠦᠵᠢᠯ ᠶᠢ ᠴᠢᠬᠤᠯᠠᠴᠢᠯᠠᠵᠤ ᠂ ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡ ᠪᠡᠷ ᠬᠥᠭᠵᠢᠭᠦᠯᠵᠦ ᠂ ᠨᠡᠩ ᠤᠯᠠᠨ ᠬᠠᠮᠢᠶᠠᠷᠴᠤ ᠬᠡᠷᠡᠭᠯᠡᠬᠦ ᠂ ᠪᠣᠳᠠᠲᠠᠢᠵᠢᠭᠤᠯᠵᠤ ᠦᠢᠯᠡᠳᠬᠦ ᠴᠢᠳᠠᠪᠤᠷᠢ ᠲᠡᠢ ᠂ ᠪᠦᠲᠦᠭᠡᠯᠴᠢ ᠂ ᠴᠣᠯᠭᠤᠷᠠᠭᠰᠠᠨ ᠴᠢᠳᠠᠪᠤᠷᠢᠲᠠᠨ ᠢ ᠬᠥᠮᠦᠵᠢᠭᠦᠯᠵᠦ ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠳᠤ ᠲᠤᠯᠭᠠᠭᠤᠷᠢᠯᠠᠬᠤ ᠦᠢᠯᠡᠳᠦᠯ ᠢ ᠨᠢ ᠪᠠᠳᠠᠷᠠᠭᠤᠯᠤᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃