lt
ᠪᠢᠴᠢᠭ᠌ ᠮᠠᠲ᠋ᠧᠷᠢᠶᠠᠯ
ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠬᠠᠢᠯᠠᠭᠰᠠᠨ ᠠᠵᠢᠯ ᠤᠨ ᠶᠣᠰᠤ ᠮᠤᠷᠠᠯ ᠢ ᠵᠦᠷᠢᠴᠡᠭᠰᠡᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ
2016.06.06 ᠲᠣᠰ ᠥᠷᠲᠡᠭᠡᠨ ᠦ ᠨᠠᠢᠷᠠᠭᠤᠯᠤᠭᠴᠢ

    ᠣᠢᠷ᠎ᠠ ᠶᠢᠨ ᠵᠢᠯ ᠡᠴᠡ ᠨᠠᠰᠢ ᠂ ᠮᠠᠨ ᠤ ᠤᠯᠤᠰ ᠤᠨ ᠪᠠᠭᠰᠢ ᠶᠢᠨ ᠶᠣᠰᠤ ᠮᠤᠷᠠᠯ ᠤᠨ ᠪᠠᠢᠭᠤᠯᠤᠯᠲᠠ ᠶᠢᠨ ᠠᠰᠠᠭᠤᠳᠠᠯ ᠨᠡᠢᠭᠡᠮ ᠨᠠᠢᠳᠠ ᠶᠢᠨ ᠠᠩᠬᠠᠷᠤᠯ ᠢ ᠲᠠᠲᠠᠭᠰᠠᠭᠠᠷ ᠢᠷᠡᠭᠰᠡᠨ ᠰᠠᠠ ᠃ ᠢᠯᠠᠩᠭᠤᠶ᠎ᠠ ᠵᠠᠷᠢᠮ ᠪᠠᠭᠰᠢ ᠶᠢᠨ ᠰᠤᠷᠤᠭᠴᠢ ᠶᠢ ᠵᠠᠨᠴᠢᠵᠤ ᠵᠣᠳᠤᠬᠤ ᠂ ᠰᠤᠷᠤᠭᠴᠢ ᠡᠴᠡ ᠪᠡᠯᠡᠭ ᠰᠡᠯᠲᠡ ᠬᠤᠷᠢᠶᠠᠬᠤ ᠂ ᠲᠥᠯᠦᠪᠦᠷᠢ ᠲᠠᠢ ᠪᠠᠷ ᠬᠢᠴᠢᠶᠡᠯ ᠨᠥᠬᠦᠬᠦ ᠂ ᠰᠤᠷᠤᠭᠴᠢ ᠳᠤ ᠠᠳᠠᠯᠢ ᠲᠡᠭᠰᠢ ᠪᠠᠷ ᠡᠰᠡ ᠬᠠᠨᠳᠤᠬᠤ ᠵᠡᠷᠭᠡ ᠠᠰᠠᠭᠤᠳᠠᠯ ᠨᠢ ᠪᠠᠭᠰᠢ ᠶᠢᠨ ᠳᠦᠷᠢ ᠲᠥᠷᠬᠦ ᠶᠢ ᠬᠦᠨᠳᠦ ᠨᠣᠴᠢᠲᠠᠢ ᠬᠤᠬᠢᠷᠠᠭᠤᠯᠵᠤ ᠂ ᠤᠤᠯ ᠡᠴᠡ ᠪᠠᠨ ᠴᠡᠪᠡᠷ ᠴᠢᠭᠡᠴᠢ ᠪᠠᠢᠭᠰᠠᠨ ᠪᠠᠭᠰᠢ ᠰᠤᠷᠤᠭᠴᠢ ᠶᠢᠨ ᠬᠠᠷᠢᠴᠠᠭ᠎ᠠ ᠳᠤ ᠬᠦ ᠲᠦᠷᠬᠢᠭᠰᠡᠡ ᠪᠠᠢᠨ᠎ᠠ ᠃ ᠪᠠᠭᠰᠢ ᠶᠢᠨ ᠶᠣᠰᠤ ᠮᠤᠷᠠᠯ ᠳᠣᠷᠤᠢᠲᠠᠵᠤ ᠪᠠᠢᠭ᠎ᠠ ᠡᠳᠡᠭᠡᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠦᠭᠡ ᠂ 2014 ᠤᠨ ᠤ 1 ᠰᠠᠷ᠎ᠠ ᠶᠢᠨ 11 ᠤ ᠡᠳᠦᠷ ᠰᠤᠷᠭᠠᠨ ᠬᠥᠮᠦᠵᠢᠯ ᠤᠨ ᠶᠠᠮᠤᠨ 《 ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠬᠠᠢᠯᠠᠭᠰᠠᠨ ᠠᠵᠢᠯ ᠤᠨ ᠶᠣᠰᠤ ᠮᠤᠷᠠᠯ ᠢ ᠵᠦᠷᠢᠴᠡᠭᠰᠡᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ 》 ᠶᠢ ᠨᠡᠢᠲᠡᠯᠡᠵᠦ ᠂ ᠪᠠᠭᠰᠢ ᠰᠤᠷᠤᠭᠴᠢ ᠶᠢᠨ ᠬᠠᠷᠢᠴᠠᠭ᠎ᠠ ᠲᠠᠢ ᠬᠤᠯᠪᠤᠭᠳᠠᠭᠰᠠᠠ ᠪᠠᠭᠰᠢ ᠨᠠᠷ ᠤᠨ ᠬᠢᠵᠦ ᠦᠯᠦ ᠪᠣᠯᠬᠤ ᠪᠤᠶᠤ ᠪᠠᠭᠰᠢ ᠶᠢᠨ ᠶᠣᠰᠤ ᠮᠤᠷᠠᠯ ᠢ ᠵᠦᠷᠢᠴᠡᠭᠰᠡᠡ 10 ᠵᠦᠢᠯ ᠤᠨ ᠠᠵᠢᠯᠯᠠᠭ᠎ᠠ ᠳᠤ ᠤᠯᠠᠭᠠᠨ ᠱᠤᠭᠤᠮ ᠲᠤᠭᠳᠠᠭᠠᠠ ᠂ ᠪᠠᠭᠰᠢ ᠨᠠᠷ ᠶᠠᠭᠤ ᠶᠢ ᠬᠢᠵᠦ ᠪᠣᠯᠬᠤ ᠂ ᠶᠠᠭᠤ ᠶᠢ ᠬᠢᠵᠦ ᠪᠣᠯᠬᠤ ᠦᠭᠡᠢ ᠲᠤᠬᠠᠢ ᠪᠣᠳᠠᠲᠠᠢ ᠠᠵᠢᠯᠯᠠᠭ᠎ᠠ ᠶᠢᠨ ᠱᠠᠭᠠᠷᠳᠠᠯᠭ᠎ᠠ ᠲᠤᠷᠠᠳᠤᠭᠰᠠᠠ ᠪᠠᠢᠨ᠎ᠠ ᠃

    ᠨᠢᠭᠡᠳᠦᠭᠡᠷ ᠵᠤᠷᠪᠤᠰ ᠪᠠᠭᠰᠢ ᠶᠢᠨ ᠲᠤᠬᠠᠢᠯᠠᠭᠰᠠᠨ ᠠᠵᠢᠯ ᠤᠨ ᠠᠵᠢᠯᠯᠠᠭ᠎ᠠ ᠶᠢ ᠲᠦᠷᠢᠮᠵᠢᠬᠦᠯᠵᠤ ᠂ ᠪᠠᠭᠰᠢ ᠰᠤᠷᠤᠭᠴᠢ ᠶᠢᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠦᠭᠡ ᠂ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ 》 ᠂ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ 》 ᠂ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ 》 ᠂ 《 ᠪᠠᠭᠰᠢ ᠶᠢᠨ ᠬᠢᠷᠢ ᠭᠡᠮ ᠤᠨ ᠲᠦᠷᠢᠮ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠡ ᠲᠤᠰ ᠠᠷᠭ᠎ᠠ ᠶᠢ ᠲᠣᠭᠲᠠᠭᠠᠪᠠ ᠃

    ᠬᠣᠶᠠᠳᠤᠭᠠᠷ ᠵᠤᠷᠪᠤᠰ ᠲᠤᠰ ᠠᠷᠭ᠎ᠠ ᠳᠤ ᠲᠤᠷᠠᠳᠤᠭᠰᠠᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠭᠡᠳᠡᠭ ᠨᠢ ᠬᠡᠦᠬᠡᠳ ᠤᠨ ᠴᠡᠴᠡᠷᠯᠢᠭ ᠂ ᠣᠨᠴᠠᠭᠠᠢ ᠰᠤᠷᠭᠠᠨ ᠬᠥᠮᠦᠵᠢᠯ ᠤᠨ ᠪᠠᠢᠭᠤᠯᠤᠮᠵᠢ ᠂ ᠡᠩ ᠤᠨ ᠳᠤᠮᠳᠠᠳᠤ ᠪᠠᠭ᠎ᠠ ᠰᠤᠷᠭᠠᠭᠤᠯᠢ ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠂ ᠪᠠᠭᠠᠴᠤᠳ ᠤᠨ ᠣᠷᠳᠤᠨ ᠵᠢᠴᠢ ᠣᠷᠤᠨ ᠨᠤᠲᠤᠭ ᠤᠨ ᠵᠢᠭᠠᠬᠤ ᠶᠢ ᠰᠤᠳᠤᠯᠬᠤ ᠲᠠᠰᠤᠭ ᠂ ᠴᠠᠬᠢᠯᠭᠠᠨᠵᠢᠯ ᠰᠤᠷᠭᠠᠨ ᠬᠥᠮᠦᠵᠢᠯ ᠵᠡᠷᠭᠡ ᠪᠠᠢᠭᠤᠯᠤᠮᠵᠢ ᠶᠢᠨ ᠪᠠᠭᠰᠢ ᠶᠢ ᠵᠢᠭᠠᠵᠤ ᠪᠠᠢᠨ᠎ᠠ ᠃ ᠲᠦᠷᠦᠭᠦᠦ ᠵᠤᠷᠪᠤᠰ ᠲᠤ ᠲᠤᠷᠠᠳᠤᠭᠰᠠᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠳᠤ ᠠᠷᠠᠳ ᠡᠴᠡ ᠡᠷᠬᠢᠯᠡᠭᠰᠡᠨ ᠰᠤᠷᠭᠠᠭᠤᠯᠢ ᠶᠢᠨ ᠪᠠᠭᠰᠢ ᠪᠠᠭᠲᠠᠨ᠎ᠠ ᠃

    ᠭᠤᠷᠪᠠᠳᠤᠭᠠᠷ ᠵᠤᠷᠪᠤᠰ ᠲᠤᠰ ᠠᠷᠭ᠎ᠠ ᠳᠤ ᠲᠤᠷᠠᠳᠤᠭᠰᠠᠠ ᠰᠢᠳᠭᠡᠯ ᠳᠤ ᠳᠣᠩᠭᠤᠳᠬᠤ ᠂ ᠣᠰᠤᠯ ᠲᠡᠮᠳᠡᠭᠯᠡᠬᠦ ᠂ ᠲᠤᠰᠭᠠᠢ ᠮᠡᠷᠭᠡᠵᠢᠯ ᠤᠨ ᠲᠤᠰᠢᠶᠠᠯ ᠤᠨ ᠵᠡᠷᠭᠡ ᠲᠡᠰ ᠢ ᠪᠠᠭᠤᠷᠠᠭᠤᠯᠬᠤ ᠂ ᠲᠤᠰᠭᠠᠢ ᠮᠡᠷᠭᠡᠵᠢᠯ ᠤᠨ ᠴᠣᠯᠠ ᠪᠤᠶᠤ ᠵᠠᠰᠠᠭ ᠵᠠᠬᠢᠷᠤᠭᠠᠨ ᠤ ᠲᠤᠰᠢᠶᠠᠯ ᠢ ᠨᠢ ᠤᠭᠴᠠᠷᠠᠭᠤᠯᠬᠤ ᠂ ᠤᠷᠢᠵᠤ ᠬᠡᠷᠡᠭᠯᠡᠬᠦ ᠭᠡᠷ᠎ᠡ ᠶᠢ ᠬᠦᠴᠦᠨ ᠦᠭᠡᠢ ᠪᠣᠯᠭᠠᠬᠤ ᠪᠤᠶᠤ ᠠᠵᠢᠯ ᠡᠴᠡ ᠨᠢ ᠬᠥᠭᠡᠭᠡᠬᠦ ᠵᠡᠷᠭᠡ ᠪᠠᠭᠲᠠᠨ᠎ᠠ ᠃ ᠡᠭᠦᠨ ᠳᠤ ᠳᠣᠩᠭᠤᠳᠬᠤ ᠰᠢᠳᠭᠡᠯ ᠤᠨ ᠬᠤᠭᠤᠴᠠᠭ᠎ᠠ ᠨᠢ 6 ᠰᠠᠷ᠎ᠠ ᠂ ᠣᠰᠤᠯ ᠲᠡᠮᠳᠡᠭᠯᠡᠬᠦ ᠰᠢᠳᠭᠡᠯ ᠤᠨ ᠬᠤᠭᠤᠴᠠᠭ᠎ᠠ ᠨᠢ 12 ᠰᠠᠷ᠎ᠠ ᠂ ᠲᠤᠰᠭᠠᠢ ᠮᠡᠷᠭᠡᠵᠢᠯ ᠤᠨ ᠴᠣᠯᠠ ᠪᠤᠶᠤ ᠵᠠᠰᠠᠭ ᠵᠠᠬᠢᠷᠤᠭᠠᠨ ᠤ ᠲᠤᠰᠢᠶᠠᠯ ᠢ ᠤᠭᠴᠠᠷᠠᠭᠤᠯᠬᠤ ᠬᠤᠭᠤᠴᠠᠭ᠎ᠠ ᠨᠢ 24 ᠰᠠᠷ᠎ᠠ ᠪᠣᠯᠤᠨ᠎ᠠ ᠃

    ᠳᠥᠷᠪᠡᠳᠦᠭᠡᠷ ᠵᠤᠷᠪᠤᠰ ᠪᠠᠭᠰᠢ ᠶᠢᠨ ᠳᠣᠲᠤᠷ᠎ᠠ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠢᠪᠠᠯ ᠂ ᠪᠠᠢᠳᠠᠯ ᠤᠨ ᠬᠦᠨᠳᠦ ᠬᠦᠩᠭᠡᠡ ᠢ ᠦᠵᠡᠵᠦ ᠪᠠᠢᠭᠠᠳ ᠵᠣᠬᠢᠬᠤ ᠰᠢᠳᠭᠡᠯ ᠥᠭᠭᠦᠨ᠎ᠡ ᠄

    ( ᠨᠢᠭᠡ ) ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠮᠳᠠ ᠨᠠᠮ ᠪᠠ ᠤᠯᠤᠰ ᠤᠨ ᠴᠢᠭᠯᠡᠯᠲᠡ ᠲᠥᠷᠦ ᠶᠢᠨ ᠪᠣᠳᠤᠯᠭ᠎ᠠ ᠶᠢ ᠵᠦᠷᠢᠴᠡᠭᠰᠡᠡ ᠦᠭᠡ ᠶᠠᠷᠢᠶ᠎ᠠ ᠦᠢᠯᠡ ᠠᠵᠢᠯᠯᠠᠭ᠎ᠠ ᠲᠠᠢ ᠪᠠᠭᠰᠢ ︔

    ( ᠬᠣᠶᠠᠷ ) ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠶᠠᠪᠤᠴᠠ ᠳᠤ ᠭᠡᠨᠡᠳᠲᠡ ᠶᠢᠨ ᠬᠡᠷᠡᠭ ᠭᠠᠷᠬᠤ ᠦᠶᠡᠰ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠪᠠᠨ ᠦᠯᠦ ᠬᠦᠢᠴᠡᠳᠭᠡᠭᠰᠡᠳ ︔

    ( ᠭᠤᠷᠪᠠ ) ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠪᠤᠯᠤᠨ ᠰᠤᠷᠤᠭᠴᠢ ᠶᠢᠨ ᠬᠠᠮᠢᠶᠠᠷᠤᠯᠲᠠ ᠂ ᠦᠨᠡᠯᠡᠯᠲᠡ ᠶᠢᠨ ᠠᠵᠢᠯ ᠳᠤᠮᠳᠠ ᠰᠤᠷᠤᠭᠴᠢ ᠳᠤ ᠡᠷᠬᠡ ᠲᠡᠭᠰᠢ ᠬᠠᠨᠳᠤᠭᠰᠠᠠ ᠦᠭᠡᠢ ᠡᠴᠡ ᠪᠣᠯᠵᠤ ᠮᠡᠳᠡᠭᠳᠡᠮ᠎ᠡ ᠮᠠᠭᠤ ᠨᠥᠯᠦᠭᠡ ᠭᠠᠷᠭᠠᠭᠰᠠᠳ ︔

    ( ᠳᠥᠷᠪᠡ ) ᠰᠤᠷᠤᠭᠴᠢ ᠡᠯᠰᠡᠬᠦ ᠂ ᠰᠢᠯᠭᠠᠯᠲᠠ ᠬᠢᠬᠦ ᠂ ᠬᠢᠨᠠᠨ ᠰᠢᠯᠭᠠᠵᠤ ᠦᠨᠡᠯᠡᠬᠦ ᠂ ᠲᠤᠰᠢᠶᠠᠯ ᠢ ᠬᠢᠨᠠᠨ ᠦᠨᠡᠯᠡᠬᠦ ᠂ ᠵᠢᠭᠠᠨ ᠰᠤᠷᠭᠠᠯᠲᠠ ᠶᠢᠨ ᠰᠤᠳᠤᠯᠭᠠᠨ ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠠᠪᠤᠴᠠ ᠳᠤ ᠬᠤᠳᠠᠯ ᠬᠠᠭᠤᠷᠮᠠᠭ ᠵᠦᠢᠯᠡᠰ ᠢ ᠦᠢᠯᠡᠳᠴᠦ ᠂ ᠬᠤᠢᠬᠤᠷ ᠠᠷᠭ᠎ᠠ ᠪᠠᠷ ᠬᠤᠪᠢ ᠶᠢᠨ ᠠᠰᠢᠭ ᠢ ᠬᠦᠭᠡᠭᠡᠴᠡᠯᠳᠦᠭᠰᠡᠳ ︔

    ( ᠲᠡᠪᠤ ) ᠰᠤᠷᠤᠭᠴᠢ ᠶᠢᠨ ᠪᠡᠶ᠎ᠡ ᠴᠣᠭᠴᠠ ᠶᠢ ᠶᠠᠯᠠᠳᠠᠭᠰᠠᠠ ᠪᠠ ᠳᠣᠷᠤᠮᠵᠢᠯᠠᠵᠤ ᠭᠠᠳᠠᠭᠤᠷᠴᠢᠯᠠᠬᠤ ᠵᠡᠷᠭᠡ ᠠᠷᠭ᠎ᠠ ᠪᠠᠷ ᠰᠤᠷᠤᠭᠴᠢ ᠶᠢ ᠶᠠᠯᠠᠳᠠᠠ ᠲᠣᠷᠭᠠᠬᠤ ᠬᠡᠯᠪᠡᠷᠢ ᠶᠢ ᠬᠤᠪᠢᠷᠠᠭᠤᠯᠵᠤ ᠂ ᠰᠤᠷᠤᠭᠴᠢ ᠶᠢᠨ ᠪᠡᠶ᠎ᠡ ᠰᠡᠳᠭᠢᠯ ᠢ ᠭᠡᠮᠲᠦᠭᠡᠵᠦ ᠰᠢᠷᠬᠠᠳᠤᠭᠤᠯᠤᠭᠰᠠᠳ ︔

    ( ᠵᠢᠷᠭᠤᠭ᠎ᠠ ) ᠰᠤᠷᠤᠭᠴᠢ ᠶᠢ ᠲᠦᠢᠪᠡᠭᠡᠨ ᠰᠠᠮᠠᠭᠤᠷᠠᠭᠤᠯᠤᠭᠰᠠᠠ ᠪᠤᠶᠤ ᠰᠤᠷᠤᠭᠴᠢ ᠲᠠᠢ ᠲᠥᠪ ᠪᠤᠰᠤ ᠬᠠᠷᠢᠴᠠᠭ᠎ᠠ ᠭᠠᠷᠭᠠᠭᠰᠠᠳ ︔

    ( ᠳᠣᠯᠤᠭ᠎ᠠ ) ᠲᠦᠷᠢᠮ ᠲᠣᠭᠲᠠᠭᠠᠯ ᠢ ᠵᠦᠷᠢᠴᠡᠡ ᠭᠡᠷ ᠤᠨ ᠠᠬᠠᠮᠠᠳ ᠂ ᠰᠤᠷᠤᠭᠴᠢ ᠡᠴᠡ ᠪᠡᠯᠡᠭ ᠰᠡᠯᠲᠡ ᠬᠤᠷᠢᠶᠠᠭᠰᠠᠳ ︔

    ( ᠨᠠᠢ᠍ᠮᠠ ) ᠰᠤᠷᠤᠭᠴᠢ ᠶᠢ ᠵᠣᠬᠢᠶᠠᠨ ᠪᠠᠢᠭᠤᠯᠤᠨ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠳᠤ ᠤᠷᠤᠯᠴᠠᠭᠤᠯᠤᠭᠰᠠᠠ ᠪᠤᠶᠤ ᠡᠰᠡᠬᠦᠯ᠎ᠡ ᠰᠤᠷᠤᠭᠴᠢ ᠶᠢ ᠠᠯᠪᠠᠳᠠᠠ ᠵᠢᠭᠠᠨ ᠰᠤᠷᠭᠠᠯᠲᠠ ᠶᠢᠨ ᠲᠤᠰᠠᠯᠠᠮᠵᠢ ᠶᠢᠨ ᠮᠠᠲ᠋ᠧᠷᠢᠶᠠᠯ ᠂ ᠰᠣᠨᠢᠨ ᠰᠡᠳᠭᠦᠯ ᠵᠡᠷᠭᠡ ᠶᠢ ᠬᠤᠳᠠᠯᠳᠤᠨ ᠠᠪᠤᠭᠤᠯᠵᠤ ᠳᠤᠮᠳᠠ ᠡᠴᠡ ᠨᠢ ᠠᠰᠢᠭ ᠬᠦᠷᠳᠡᠭᠰᠡᠳ ︔

    ( ᠶᠢᠰᠦ ) ᠰᠤᠷᠤᠭᠴᠢ ᠶᠢ ᠵᠣᠬᠢᠶᠠᠨ ᠪᠠᠢᠭᠤᠯᠵᠤ ᠰᠤᠷᠭᠠᠭᠤᠯᠢ ᠶᠢᠨ ᠭᠠᠳᠠᠨᠠᠬᠢ ᠬᠢᠴᠢᠶᠡᠯ ᠨᠥᠬᠦᠬᠦ ᠠᠩᠭᠢ ᠳᠤ ᠠᠯᠪᠠᠳᠠᠠ ᠤᠷᠤᠯᠴᠡᠭᠤᠯᠤᠭᠰᠠᠠ ᠪᠤᠶᠤ ᠡᠰᠡᠬᠦᠯ᠎ᠡ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠢᠭᠤᠯᠤᠮᠵᠢ ᠳᠤ ᠰᠤᠷᠤᠭᠴᠢ ᠶᠢ ᠵᠣᠬᠢᠶᠠᠨ ᠪᠠᠢᠭᠤᠯᠤᠨ ᠣᠷᠤᠯᠴᠠᠭᠤᠯᠵᠤ ᠦᠨ᠎ᠡ ᠲᠥᠯᠦᠪᠦᠷᠢ ᠲᠠᠢ ᠪᠠᠷ ᠬᠢᠴᠢᠶᠡᠯ ᠨᠦᠬᠦᠪᠦᠷᠢᠯᠡᠭᠰᠡᠳ ︔

    ( ᠠᠷᠪᠠ ) ᠲᠤᠬᠠᠢᠯᠠᠭᠰᠠᠨ ᠠᠵᠢᠯ ᠤᠨ ᠶᠣᠰᠤ ᠮᠤᠷᠠᠯ ᠢ ᠬᠦᠨᠳᠦ ᠨᠣᠴᠢᠲᠠᠢ ᠵᠦᠷᠢᠴᠡᠭᠰᠡᠡ ᠪᠤᠰᠤᠳ ᠠᠵᠢᠯᠯᠠᠭ᠎ᠠ ᠲᠠᠢ ᠪᠥᠭᠡᠳ ᠵᠣᠬᠢᠬᠤ ᠰᠢᠳᠭᠡᠯ ᠣᠯᠤᠭᠰᠠᠳ ︔

    ᠲᠠᠪᠤᠳᠤᠭᠠᠷ ᠵᠤᠷᠪᠤᠰ ᠰᠤᠷᠭᠠᠭᠤᠯᠢ ᠵᠢᠴᠢ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠪᠠᠭᠰᠢ ᠨᠠᠷ ᠤᠨ ᠳᠣᠲᠤᠷ᠎ᠠ ᠳᠥᠷᠪᠡᠳᠦᠭᠡᠷ ᠵᠤᠷᠪᠤᠰ ᠲᠤ ᠲᠤᠷᠠᠳᠤᠭᠰᠠᠠ ᠦᠢᠯᠡ ᠠᠵᠢᠯᠯᠠᠭ᠎ᠠ ᠣᠷᠤᠰᠢᠵᠤ ᠪᠠᠢᠬᠤ ᠪᠣᠯᠤᠯᠴᠠᠭ᠎ᠠ ᠲᠠᠢ ᠶᠢ ᠮᠡᠳᠠᠪᠠᠯ ᠡᠷᠬᠡᠪᠰᠢ ᠴᠠᠭ ᠲᠤᠬᠠᠢ ᠳᠤᠨᠢ ᠵᠣᠬᠢᠶᠠᠨ ᠪᠠᠢᠭᠤᠯᠤᠨ ᠪᠠᠢᠴᠠᠭᠠᠯᠲᠠ ᠬᠢᠵᠦ ᠂ ᠬᠠᠮᠢᠶ᠎ᠠ ᠪᠦᠬᠦᠢ ᠬᠡᠷᠡᠭ ᠤᠨ ᠦᠨᠡᠨ ᠡᠰᠡᠬᠦ ᠶᠢ ᠲᠣᠳᠤᠯᠠᠬᠤ ᠬᠡᠷᠡᠭᠲᠡᠢ ᠃ ᠰᠢᠢᠳᠪᠦᠷᠢᠯᠡᠬᠦ ᠲᠣᠭᠲᠠᠭᠠᠯ ᠭᠠᠷᠭᠠᠬᠤ ᠡᠴᠡ ᠡᠮᠦᠨ᠎ᠡ ᠂ ᠡᠷᠬᠡᠪᠰᠢ ᠲᠤᠰ ᠬᠥᠮᠦᠨ ᠤ ᠶᠠᠷᠢᠵᠤ ᠲᠡᠢᠯᠪᠤᠷᠢᠯᠡᠬᠤ ᠪᠠ ᠮᠠᠷᠭᠤᠬᠤ ᠶᠢ ᠰᠣᠨᠤᠰᠬᠤ ᠂ ᠵᠢᠴᠢ ᠰᠤᠷᠤᠭᠴᠢ ᠂ ᠪᠤᠰᠤᠳ ᠪᠠᠭᠰᠢ ᠂ ᠭᠡᠷ ᠤᠨ ᠠᠬᠠᠮᠠᠳ ᠤᠨ ᠵᠥᠪᠯᠡᠯ ᠪᠤᠶᠤ ᠭᠡᠷ ᠤᠨ ᠠᠬᠠᠮᠠᠳ ᠤᠨ ᠲᠥᠯᠦᠭᠡᠯᠡᠭᠴᠢ ᠶᠢᠨ ᠰᠠᠨᠠᠯ ᠢ ᠰᠣᠨᠤᠰᠬᠤ ᠶᠢᠨ ᠬᠠᠮᠲᠤ ᠲᠤᠰ ᠬᠥᠮᠦᠨ ᠳᠤ ᠭᠡᠷᠡᠴᠢ ᠰᠣᠨᠤᠰᠬᠤ ᠱᠠᠭᠠᠷᠳᠠᠯᠭ᠎ᠠ ᠭᠠᠷᠭᠠᠬᠤ ᠡᠷᠬᠡ ᠲᠠᠢ ᠶᠢ ᠮᠡᠳᠡᠭᠦᠯᠬᠦ ᠬᠡᠷᠡᠭᠲᠡᠢ ᠃ ᠲᠤᠰᠭᠠᠢ ᠮᠡᠷᠭᠡᠵᠢᠯ ᠤᠨ ᠴᠣᠯᠠ ᠶᠢᠨ ᠲᠡᠰ ᠢ ᠪᠠᠭᠤᠷᠠᠭᠤᠯᠬᠤ ᠡᠴᠡ ᠳᠡᠭᠡᠭᠰᠢᠬᠢ ᠰᠢᠳᠭᠡᠯ ᠥᠭᠬᠦ ᠳᠤ ᠂ ᠲᠤᠰ ᠬᠥᠮᠦᠨ ᠨᠢ ᠭᠡᠷᠡᠴᠢ ᠰᠣᠨᠤᠰᠬᠤ ᠱᠠᠭᠠᠷᠳᠠᠯᠭ᠎ᠠ ᠭᠠᠷᠭᠠᠪᠠᠯ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠰᠠᠯᠠᠭ᠎ᠠ ᠮᠥᠴᠢᠷ ᠡᠴᠡ ᠡᠷᠬᠡᠪᠰᠢ ᠭᠡᠷᠡᠴᠢ ᠰᠣᠨᠤᠰᠬᠤ ᠬᠤᠷᠠᠯ ᠢ ᠵᠣᠬᠢᠶᠠᠨ ᠪᠠᠢᠭᠤᠯᠵᠤ ᠬᠢᠬᠦ ᠬᠡᠷᠡᠭᠲᠡᠢ ᠃

    ᠵᠢᠷᠭᠤᠳᠤᠭᠠᠷ ᠵᠤᠷᠪᠤᠰ ᠪᠠᠭᠰᠢ ᠳᠤ ᠰᠢᠳᠭᠡᠯ ᠥᠭᠬᠦ ᠳᠡᠭᠡᠨ ᠡᠷᠬᠡᠪᠰᠢ ᠡᠷᠬᠡ ᠲᠡᠭᠰᠢ ᠂ ᠲᠥᠪ ᠭᠣᠣᠯᠴᠢ ᠪᠤᠯᠤᠨ ᠰᠤᠷᠭᠠᠨ ᠬᠥᠮᠦᠵᠢᠭᠦᠯᠬᠦ ᠪᠠ ᠵᠠᠯᠬᠠᠭᠠᠠ ᠰᠢᠳᠭᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ ︔ ᠲᠤᠬᠠᠢᠯᠠᠭᠰᠠᠨ ᠠᠵᠢᠯ ᠤᠨ ᠶᠣᠰᠤ ᠮᠤᠷᠠᠯ ᠢ ᠵᠦᠷᠢᠴᠡᠭᠰᠡᠡ ᠠᠵᠢᠯᠯᠠᠭ᠎ᠠ ᠶᠢᠨ ᠰᠢᠨᠵᠢ ᠴᠢᠨᠠᠷ ᠂ ᠪᠠᠢᠳᠠᠯ ᠂ ᠬᠣᠣᠷ ᠬᠥᠨᠦᠭᠡᠯ ᠤᠨ ᠶᠡᠬᠡ ᠪᠠᠭ᠎ᠠ ᠶᠢᠨ ᠬᠡᠮᠵᠢᠶ᠎ᠡ ᠲᠠᠢ ᠨᠢ ᠵᠤᠬᠢᠴᠠᠭᠤᠯᠤᠭᠰᠠᠠ ᠪᠠᠢᠬᠤ ᠬᠡᠷᠡᠭᠲᠡᠢ ︔ ᠬᠡᠷᠡᠭ ᠶᠠᠪᠤᠳᠠᠯ ᠤᠨ ᠦᠨᠡᠨ ᠪᠣᠳᠠᠲᠤ ᠴᠢᠨᠠᠷ ᠨᠢ ᠲᠣᠳᠤᠷᠬᠠᠢ ᠂ ᠭᠡᠷᠡᠴᠢ ᠪᠠᠷᠢᠮᠲᠠ ᠨᠢ ᠦᠨᠡᠨ ᠪᠠᠲᠤᠲᠠᠢ ᠂ ᠬᠡᠷᠡᠭ ᠶᠠᠪᠤᠳᠠᠯ ᠤᠨ ᠮᠥᠨ ᠴᠢᠨᠠᠷ ᠢ ᠲᠤᠭᠳᠠᠭᠠᠭᠰᠠᠠ ᠨᠢ ᠣᠨᠤᠪᠴᠢᠲᠠᠢ ᠂ ᠰᠢᠳᠪᠤᠷᠢᠯᠡᠭᠰᠡᠡ ᠨᠢ ᠵᠣᠬᠢᠰᠲᠠᠢ ᠂ ᠲᠠᠰ ᠳᠠᠷᠠᠭᠠᠯᠠᠯ ᠨᠢ ᠬᠠᠤᠯᠢ ᠳᠤ ᠨᠡᠢᠴᠡᠭᠰᠡᠡ ᠂ ᠭᠠᠷ ᠭᠦᠢᠴᠡᠳᠭᠡᠯ ᠨᠢ ᠪᠦᠷᠢᠨ ᠭᠦᠢᠴᠡᠳ ᠪᠠᠢᠬᠤ ᠬᠡᠷᠡᠭᠲᠡᠢ ᠃

    ᠳᠣᠯᠤᠳᠤᠭᠠᠷ ᠵᠤᠷᠪᠤᠰ ᠪᠠᠭᠰᠢ ᠳᠤ ᠰᠢᠳᠭᠡᠯ ᠥᠭᠬᠦ ᠳᠡᠭᠡᠨ ᠳᠣᠣᠷᠠᠬᠢ ᠡᠷᠬᠡ ᠶᠢᠨ ᠬᠢᠵᠠᠭᠠᠷᠯᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ ᠄

    ( ᠨᠢᠭᠡ ) ᠳᠣᠩᠭᠤᠳᠬᠤ ᠰᠢᠳᠭᠡᠯ ᠪᠤᠯᠤᠨ ᠣᠰᠤᠯ ᠲᠡᠮᠳᠡᠭᠯᠡᠬᠦ ᠰᠢᠳᠭᠡᠯ ᠥᠭᠬᠦ ᠳᠤ ᠂ ᠠᠯᠪᠠᠨ ᠡᠴᠡ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠠᠵᠢᠯᠯᠠᠵᠤ ᠪᠠᠢᠭ᠎ᠠ ᠰᠤᠷᠭᠠᠭᠤᠯᠢ ᠡᠴᠡ ᠨᠢ ᠰᠠᠨᠠᠯ ᠵᠥᠪᠯᠡᠯᠭᠡ ᠳᠤᠷᠠᠳᠴᠤ ᠂ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠰᠢᠳᠭᠡᠬᠦ ᠲᠣᠭᠲᠠᠭᠠᠯ ᠭᠠᠷᠭᠠᠨ᠎ᠠ ᠃ ᠠᠷᠠᠳ ᠡᠴᠡ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠠᠵᠢᠯᠯᠠᠵᠤ ᠪᠠᠢᠭ᠎ᠠ ᠰᠤᠷᠭᠠᠭᠤᠯᠢ ᠡᠴᠡ ᠨᠢ ᠶᠠᠭᠠᠬᠢᠵᠤ ᠰᠢᠢᠳᠪᠦᠷᠢᠯᠡᠬᠦ ᠠᠷᠭ᠎ᠠ ᠪᠠᠨ ᠲᠣᠭᠲᠠᠭᠠᠵᠤ ᠂ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ ᠃

    ( ᠬᠣᠶᠠᠷ ) ᠲᠤᠰᠭᠠᠢ ᠮᠡᠷᠭᠡᠵᠢᠯ ᠤᠨ ᠴᠣᠯᠠ ᠶᠢᠨ ᠲᠡᠰ ᠢ ᠪᠠᠭᠤᠷᠠᠭᠤᠯᠬᠤ ᠂ ᠲᠤᠰᠭᠠᠢ ᠮᠡᠷᠭᠡᠵᠢᠯ ᠤᠨ ᠴᠣᠯᠠ ᠶᠢ ᠤᠭᠴᠠᠷᠠᠭᠤᠯᠬᠤ ᠪᠤᠶᠤ ᠵᠠᠰᠠᠭ ᠵᠠᠬᠢᠷᠤᠭᠠᠨ ᠤ ᠲᠤᠰᠢᠶᠠᠯ ᠤᠨ ᠰᠢᠳᠭᠡᠯ ᠥᠭᠬᠦ ᠳᠤ ᠂ ᠪᠠᠭᠰᠢ ᠶᠢᠨ ᠠᠵᠢᠯᠯᠠᠵᠤ ᠪᠠᠢᠭ᠎ᠠ ᠰᠤᠷᠭᠠᠭᠤᠯᠢ ᠡᠴᠡ ᠨᠢ ᠰᠠᠨᠠᠯ ᠵᠥᠪᠯᠡᠯᠭᠡ ᠳᠤᠷᠠᠳᠴᠤ ᠂ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠳᠭᠡᠬᠦ ᠲᠣᠭᠲᠠᠭᠠᠯ ᠭᠠᠷᠭᠠᠬᠤ ᠶᠢᠨ ᠬᠠᠮᠲᠤ ᠠᠳᠠᠯᠢ ᠱᠠᠳᠤᠨ ᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠲᠡᠩᠰᠠᠯᠠᠭᠤᠯᠤᠨ᠎ᠠ ᠃

    ( ᠭᠤᠷᠪᠠ ) ᠠᠵᠢᠯ ᠡᠴᠡ ᠨᠢ ᠬᠥᠭᠡᠭᠡᠬᠦ ᠰᠢᠳᠭᠡᠯ ᠥᠭᠬᠦ ᠳᠤ ᠂ ᠠᠯᠪᠠᠨ ᠡᠴᠡ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢ ᠠᠵᠢᠯᠯᠠᠵᠤ ᠪᠠᠢᠭ᠎ᠠ ᠰᠤᠷᠭᠠᠭᠤᠯᠢ ᠡᠴᠡ ᠨᠢ ᠰᠠᠨᠠᠯ ᠵᠥᠪᠯᠡᠯᠭᠡ ᠳᠤᠷᠠᠳᠴᠤ ᠂ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠰᠢᠳᠭᠡᠬᠦ ᠲᠣᠭᠲᠠᠭᠠᠯ ᠭᠠᠷᠭᠠᠬᠤ ᠶᠢᠨ ᠬᠠᠮᠲᠤ ᠠᠳᠠᠯᠢ ᠱᠠᠳᠤᠨ ᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ ︔ ᠠᠷᠠᠳ ᠡᠴᠡ ᠡᠷᠬᠢᠯᠡᠭᠰᠡᠨ ᠰᠤᠷᠭᠠᠭᠤᠯᠢ ᠶᠢᠨ ᠪᠠᠭᠰᠢ ᠡᠰᠡᠬᠦᠯ᠎ᠡ ᠠᠵᠢᠯᠲᠠᠨ ᠤ ᠶᠠᠪᠤᠳᠠᠯ ᠤᠨ ᠣᠷᠤᠨ ᠲᠣᠭᠠᠨ ᠤ ᠬᠠᠮᠢᠶᠠᠷᠤᠯᠲᠠ ᠳᠤ ᠤᠷᠤᠭᠰᠡᠡ ᠦᠭᠡᠢ ᠪᠠᠭᠰᠢ ᠶᠢ ᠪᠣᠯ ᠠᠵᠢᠯᠯᠠᠵᠤ ᠪᠠᠢᠭ᠎ᠠ ᠰᠤᠷᠭᠠᠭᠤᠯᠢ ᠡᠴᠡ ᠨᠢ ᠰᠢᠳᠭᠡᠬᠦ ᠲᠣᠭᠲᠠᠭᠠᠯ ᠭᠠᠷᠭᠠᠬᠤ ᠶᠢᠨ ᠬᠠᠮᠲᠤ ᠤᠷᠢᠵᠤ ᠬᠡᠷᠡᠭᠯᠡᠬᠦ ᠭᠡᠷ᠎ᠡ ᠪᠠᠨ ᠬᠦᠴᠦᠨ ᠦᠭᠡᠢ ᠪᠣᠯᠭᠠᠵᠤ ᠂ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ ᠃

    ᠨᠠᠢ᠍ᠮᠠᠳᠤᠭᠠᠷ ᠵᠤᠷᠪᠤᠰ ᠰᠢᠳᠭᠡᠯ ᠥᠭᠬᠦ ᠲᠣᠭᠲᠠᠭᠠᠯ ᠢᠶᠠᠨ ᠡᠷᠬᠡᠪᠰᠢ ᠪᠢᠴᠢᠭ᠌ ᠤᠨ ᠬᠡᠯᠪᠡᠷᠢ ᠪᠠᠷ ᠲᠤᠰ ᠬᠥᠮᠦᠨ ᠳᠤᠨᠢ ᠮᠡᠳᠡᠭᠳᠡᠬᠦ ᠶᠢᠨ ᠬᠠᠮᠲᠤ ᠮᠠᠭᠠᠳᠯᠠᠨ ᠲᠤᠭᠳᠠᠭᠠᠭᠰᠠᠠ ᠬᠡᠷᠡᠭ ᠶᠠᠪᠤᠳᠠᠯ ᠂ ᠰᠢᠯᠲᠠᠭᠠᠨ ᠂ ᠭᠡᠷᠡᠴᠢ ᠪᠠᠷᠢᠮᠲᠠ ᠂ ᠬᠤᠭᠤᠴᠠᠭ᠎ᠠ ᠵᠢᠴᠢ ᠠᠪᠤᠷᠠᠠ ᠲᠤᠰᠠᠯᠠᠭᠰᠠᠠ ᠠᠷᠭ᠎ᠠ ᠵᠠᠮ ᠵᠡᠷᠭᠡ ᠠᠭᠤᠯᠭ᠎ᠠ ᠶᠢ ᠲᠤᠳᠤᠷᠬᠠᠢᠯᠠᠭᠰᠠᠠ ᠪᠠᠢᠬᠤ ᠬᠡᠷᠡᠭᠲᠡᠢ ᠃

 

   ᠶᠢᠰᠦᠳᠦᠭᠡᠷ ᠵᠤᠷᠪᠤᠰ ᠳᠥᠷᠪᠡᠳᠦᠭᠡᠷ ᠵᠤᠷᠪᠤᠰ ᠤᠨ ᠲᠣᠭᠲᠠᠭᠠᠯ ᠢᠶᠠᠷ ᠰᠢᠳᠭᠡᠯ ᠣᠯᠤᠭᠰᠠᠨ ᠪᠥᠭᠡᠳ 《 ᠪᠠᠭᠰᠢ ᠶᠢᠨ ᠬᠢᠷᠢ ᠭᠡᠮ ᠤᠨ ᠲᠦᠷᠢᠮ 》 ᠤᠨ ᠠᠷᠪᠠ ᠶᠢᠰᠦᠳᠦᠭᠡᠷ ᠵᠤᠷᠪᠤᠰ ᠤᠨ ᠲᠣᠭᠲᠠᠭᠠᠯ ᠳᠤ ᠨᠡᠢᠴᠡᠭᠰᠡᠳ ᠢ ᠰᠢᠶᠠᠨ ᠤ ᠱᠠᠳᠤᠨ ᠡᠴᠡ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠤᠭᠠᠨ ᠤ ᠰᠠᠯᠠᠭ᠎ᠠ ᠮᠥᠴᠢᠷ ᠬᠠᠤᠯᠢ ᠶᠣᠰᠤᠭᠠᠷ ᠪᠠᠭᠰᠢ ᠶᠢᠨ ᠬᠢᠷᠢ ᠭᠡᠮ ᠢ ᠨᠢ ᠬᠦᠴᠦᠨ ᠦᠭᠡᠢ ᠪᠣᠯᠭᠠᠨ᠎ᠠ ᠃ ᠰᠢᠳᠭᠡᠯ ᠣᠯᠤᠭᠰᠠᠨ ᠪᠠᠭᠰᠢ ᠰᠢᠳᠭᠡᠯ ᠬᠦᠯᠢᠶᠡᠵᠦ ᠪᠠᠢᠭ᠎ᠠ ᠬᠤᠭᠤᠴᠠᠭᠠᠨ ᠳᠠᠭᠠᠨ ᠪᠠᠭᠰᠢ ᠶᠢᠨ ᠬᠢᠷᠢ ᠭᠡᠮ ᠢ ᠲᠣᠭᠲᠠᠭᠰᠠᠨ ᠬᠤᠭᠤᠴᠠᠭ᠎ᠠ ᠲᠠᠢ ᠳᠠᠩᠰᠠᠨ᠎ᠠ ᠲᠡᠮᠳᠡᠭᠯᠡᠬᠦ ᠶᠢ ᠨᠢ ᠲᠦᠷ ᠵᠣᠭᠰᠤᠭᠠᠨ᠎ᠠ ᠃ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ 》 ᠶᠢᠨ ᠠᠷᠪᠠᠨ ᠳᠥᠷᠪᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠡ ᠂ ᠪᠠᠭᠰᠢ ᠬᠢᠷᠢ ᠭᠡᠮ ᠢᠶᠠᠨ ᠠᠯᠳᠠᠭᠰᠠᠳ ᠲᠤ ᠳᠠᠬᠢᠵᠤ ᠰᠢᠨ᠎ᠡ ᠪᠠᠷ ᠪᠠᠭᠰᠢ ᠶᠢᠨ ᠬᠢᠷᠢ ᠭᠡᠮ ᠣᠯᠭᠤᠵᠤ ᠪᠣᠯᠬᠤ ᠦᠭᠡᠢ ᠃ ᠲᠤᠰᠭᠠᠢ ᠮᠡᠷᠭᠡᠵᠢᠯ ᠤᠨ ᠴᠣᠯᠠ ᠶᠢᠨ ᠲᠡᠰ ᠢ ᠪᠠᠭᠤᠷᠠᠭᠤᠯᠬᠤ ᠰᠢᠳᠭᠡᠯ ᠣᠯᠤᠭᠰᠠᠨ ᠪᠠᠭᠰᠢ ᠰᠢᠳᠭᠡᠯ ᠬᠦᠯᠢᠶᠠᠵᠤ ᠪᠠᠢᠭ᠎ᠠ ᠬᠤᠭᠤᠴᠠᠭᠠᠨ ᠳᠠᠭᠠᠨ ᠳᠡᠭᠡᠷ᠎ᠡ ᠨᠢᠭᠡ ᠲᠡᠰ ᠤᠨ ᠲᠤᠰᠭᠠᠢ ᠮᠡᠷᠭᠡᠵᠢᠯ ᠤᠨ ᠴᠣᠯᠠ ᠭᠤᠶᠤᠴᠢᠯᠠᠵᠤ ᠪᠣᠯᠬᠤ ᠦᠭᠡᠢ ᠃ ᠲᠤᠰᠭᠠᠢ ᠮᠡᠷᠭᠡᠵᠢᠯ ᠤᠨ ᠴᠣᠯᠠ ᠶᠢ ᠤᠭᠴᠠᠷᠠᠭᠤᠯᠬᠤ ᠰᠢᠳᠭᠡᠯ ᠣᠯᠤᠭᠰᠠᠨ ᠪᠠᠭᠰᠢ ᠰᠢᠳᠭᠡᠯ ᠬᠦᠯᠢᠶᠠᠵᠤ ᠪᠠᠢᠭ᠎ᠠ ᠬᠤᠭᠤᠴᠠᠭᠠᠨ ᠳᠠᠭᠠᠨ ᠲᠤᠰᠭᠠᠢ ᠮᠡᠷᠭᠡᠵᠢᠯ ᠤᠨ ᠴᠣᠯᠠ ᠶᠢ ᠳᠠᠬᠢᠵᠤ ᠰᠢᠨ᠎ᠡ ᠪᠠᠷ ᠭᠤᠶᠤᠴᠢᠯᠠᠵᠤ ᠪᠣᠯᠬᠤ ᠦᠭᠡᠢ ᠃

    ᠠᠷᠪᠠᠳᠤᠭᠠᠷ ᠵᠤᠷᠪᠤᠰ ᠰᠢᠳᠭᠡᠯ ᠤᠨ ᠲᠣᠭᠲᠠᠭᠠᠯ ᠢ ᠦᠯᠦ ᠵᠦᠪᠰᠢᠶᠡᠷᠡᠭᠰᠡᠳ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠬᠢᠵᠤ ᠬᠢᠨᠠᠬᠤ ᠭᠤᠶᠤᠴᠢᠯᠠᠭ᠎ᠠ ᠭᠠᠷᠭᠠᠵᠤ ᠪᠣᠯᠤᠨ᠎ᠠ ᠃ ᠳᠠᠬᠢᠵᠤ ᠬᠢᠨᠠᠭᠰᠠᠠ ᠦᠷ᠎ᠡ ᠳ᠋ᠦᠩ ᠢ ᠦᠯᠦ ᠵᠦᠪᠰᠢᠶᠡᠷᠡᠭᠰᠡᠳ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠡᠭᠡᠷ᠎ᠡ ᠨᠢᠭᠡ ᠱᠠᠳᠤᠨ ᠤ ᠵᠠᠰᠠᠭ ᠵᠠᠬᠢᠷᠤᠭᠠᠨ ᠤ ᠰᠠᠯᠠᠭ᠎ᠠ ᠮᠥᠴᠢᠷ ᠲᠤ ᠭᠣᠮᠤᠳᠠᠯ ᠲᠣᠭᠠᠴᠢᠵᠤ ᠪᠣᠯᠤᠨ᠎ᠠ ᠃

    ᠠᠷᠪᠠᠨ ᠨᠢᠭᠡᠳᠦᠭᠡᠷ ᠵᠤᠷᠪᠤᠰ ᠰᠤᠷᠭᠠᠭᠤᠯᠢ ᠵᠢᠴᠢ ᠰᠤᠷᠭᠠᠨ ᠬᠥᠮᠦᠵᠢᠯ ᠤᠨ ᠭᠣᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠳᠭᠡᠯ ᠥᠭᠬᠦ ᠦᠭᠡᠢ ᠂ ᠰᠢᠳᠭᠡᠯ ᠥᠭᠬᠦ ᠶᠢ ᠬᠤᠢᠰᠢᠯᠠᠭᠤᠯᠤᠭᠰᠠᠠ ᠪᠤᠶᠤ ᠰᠢᠯᠳᠠᠭᠯᠠᠠ ᠨᠢᠭᠤᠨ ᠲᠡᠯᠳᠠᠯᠠᠭᠠᠳ ᠮᠠᠭᠤ ᠨᠥᠯᠦᠭᠡ ᠭᠠᠷᠭᠠᠭᠰᠠᠨ ᠡᠰᠡᠬᠦᠯ᠎ᠡ ᠦᠷ᠎ᠡ ᠳ᠋ᠦᠩ ᠨᠢ ᠬᠦᠨᠳᠦ ᠨᠣᠴᠢᠲᠠᠢ ᠪᠣᠯᠤᠭᠰᠠᠨ ᠪᠣᠯ ᠳᠡᠭᠡᠷ᠎ᠡ ᠨᠢᠭᠡ ᠱᠠᠳᠤᠨ ᠤ ᠵᠠᠰᠠᠭ ᠵᠠᠬᠢᠷᠤᠭᠠᠨ ᠤ ᠰᠠᠯᠠᠭ᠎ᠠ ᠮᠥᠴᠢᠷ ᠡᠴᠡ ᠡᠷᠬᠡᠪᠰᠢ ᠬᠠᠮᠢᠶ᠎ᠠ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ ᠃

    ᠠᠷᠪᠠᠨ ᠬᠣᠶᠠᠳᠤᠭᠠᠷ ᠵᠤᠷᠪᠤᠰ ᠬᠠᠤᠯᠢ ᠶᠣᠰᠤᠭᠠᠷ ᠡᠷᠡᠭᠦᠦ ᠰᠢᠳᠭᠡᠯ ᠣᠯᠤᠭᠰᠠᠳ ᠲᠤ 《 ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠳᠤ ᠰᠢᠳᠭᠡᠯ ᠥᠭᠬᠦ ᠳᠤ ᠲᠦᠷ ᠬᠡᠷᠡᠭᠵᠢᠭᠦᠯᠬᠦ ᠲᠣᠭᠲᠠᠭᠠᠯ 》 ᠢ ᠦᠨᠳᠦᠰᠦᠯᠡᠡ ᠠᠵᠢᠯ ᠮᠡᠷᠭᠡᠵᠢᠯ ᠤᠨ ᠴᠣᠯᠠ ᠶᠢ ᠤᠭᠴᠠᠷᠠᠭᠤᠯᠬᠤ ᠪᠤᠶᠤ ᠵᠠᠰᠠᠭ ᠵᠠᠬᠢᠷᠤᠭᠠᠨ ᠤ ᠲᠤᠰᠢᠶᠠᠯ ᠢ ᠤᠭᠴᠠᠷᠠᠭᠤᠯᠬᠤ ᠡᠴᠡ ᠳᠡᠭᠡᠭᠰᠢᠬᠢ ᠰᠢᠳᠭᠡᠯ ᠥᠭᠭᠦᠨ᠎ᠡ ᠃ ᠤᠯᠤᠰ ᠲᠥᠷᠦ ᠶᠢᠨ ᠡᠷᠬᠡ ᠶᠢ ᠬᠠᠰᠤᠬᠤ ᠪᠤᠶᠤ ᠵᠣᠷᠢᠭᠤᠳᠠ ᠶᠠᠯ᠎ᠠ ᠬᠢᠵᠦ ᠬᠤᠭᠤᠴᠠᠭ᠎ᠠ ᠲᠠᠢ ᠪᠠᠷ ᠬᠣᠷᠢᠬᠤ ᠡᠷᠡᠭᠦᠦ ᠰᠢᠳᠭᠡᠯ ᠡᠴᠡ ᠳᠡᠭᠡᠭᠰᠢᠬᠢ ᠡᠷᠡᠭᠦᠦ ᠰᠢᠳᠭᠡᠯ ᠣᠯᠤᠭᠰᠠᠳ ᠲᠤ ᠪᠠᠭᠰᠢ ᠶᠢᠨ ᠬᠢᠷᠢ ᠭᠡᠮ ᠣᠯᠭᠤᠵᠤ ᠪᠣᠯᠬᠤ ᠦᠭᠡᠢ ᠃

    ᠠᠷᠪᠠᠨ ᠭᠤᠷᠪᠠᠳᠤᠭᠠᠷ ᠵᠤᠷᠪᠤᠰ ᠮᠤᠵᠢ ᠶᠢᠨ ᠱᠠᠳᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠤᠭᠠᠨ ᠤ ᠰᠠᠯᠠᠭ᠎ᠠ ᠮᠥᠴᠢᠷ ᠡᠷᠬᠡᠪᠰᠢ ᠲᠤᠬᠠᠢ ᠶᠢᠨ ᠭᠠᠵᠠᠷ ᠣᠷᠤᠨ ᠤ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠨᠠᠷᠢᠨ ᠲᠦᠷᠢᠮ ᠲᠣᠭᠲᠠᠭᠠᠬᠤ ᠶᠢᠨ ᠬᠠᠮᠲᠤ ᠲᠥᠷᠦ ᠶᠢᠨ ᠶᠠᠪᠤᠳᠠᠯ ᠤᠨ ᠬᠣᠷᠢᠶ᠎ᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠤᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ ᠃

    ᠠᠷᠪᠠᠨ ᠳᠥᠷᠪᠡᠳᠦᠭᠡᠷ ᠵᠤᠷᠪᠤᠰ ᠲᠤᠰ ᠠᠷᠭ᠎ᠠ ᠶᠢ ᠨᠡᠢᠳᠡᠯᠡᠭᠰᠡᠡ ᠡᠳᠦᠷ ᠡᠴᠡ ᠡᠬᠢᠯᠡᠨ ᠭᠡᠷᠡᠭᠵᠢᠬᠦᠯᠳᠦᠭᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃