lt
ᠰᠣᠨᠢᠨ ᠮᠡᠳᠡᠭᠡ
ᠬᠡᠦᠬᠡᠳ ᠢ ᠬᠠᠪᠰᠤᠷᠴᠤ ᠰᠦᠯᠵᠢᠶ᠎ᠡ ᠶᠢᠨ ᠰᠢᠨᠤᠯ ᠡᠴᠡ ᠠᠪᠤᠷᠠᠬᠤ ᠬᠡᠷᠡᠭᠲᠡᠢ
2016.07.28 ᠲᠣᠰ ᠥᠷᠲᠡᠭᠡᠨ ᠦ ᠨᠠᠢᠷᠠᠭᠤᠯᠤᠭᠴᠢ

                                      ᠸ᠊ • ᠠᠭᠤᠯᠠ

 ᠲᠤᠦᠷ ᠰᠦᠯᠵᠢᠶ᠎ᠡ ᠶᠢᠨ ᠨᠢᠰᠬᠦ ᠮᠡᠲᠦ ᠲᠦᠷᠭᠡᠨ ᠬᠥᠭᠵᠢᠯᠲᠡ ᠶᠢ ᠳᠠᠭᠠᠯᠳᠤᠨ ᠂ ᠮᠠᠰᠢ ᠤᠯᠠᠨ ᠬᠡᠦᠬᠡᠳ ᠰᠦᠯᠵᠢᠶ᠎ᠡ ᠶᠢᠨ ᠡᠷᠡᠭᠦᠯ ᠪᠤᠰᠤ ᠬᠡᠮ ᠳᠤ ᠨᠡᠷᠪᠡᠭᠳᠡᠵᠦ ᠂ ᠰᠤᠷᠤᠯᠭ᠎ᠠ ᠳᠤ ᠠᠰᠢᠭ ᠦᠭᠡᠢ ᠵᠦᠢᠯ ᠤᠨ ᠰᠢᠨᠤᠯ ᠳᠤ ᠣᠷᠤᠭᠰᠠᠨ ᠡᠴᠡ ᠪᠣᠯᠵᠤ ᠂ ᠰᠤᠷᠤᠯᠭ᠎ᠠ ᠨᠢ ᠳᠣᠷᠤᠭᠰᠢᠯᠠᠬᠤ ᠦᠵᠡᠭᠳᠡᠯ ᠭᠠᠷᠴᠤ ᠂ ᠭᠡᠷ ᠤᠨ ᠠᠬᠠᠮᠠᠳ ᠬᠢᠭᠡᠳ ᠪᠠᠭᠰᠢ ᠨᠠᠷ ᠢ ᠵᠣᠪᠠᠭᠠᠵᠤ ᠪᠠᠢᠨ᠎ᠠ ᠃ ᠣᠳᠤ ᠶᠢᠨ ᠰᠦᠯᠵᠢᠶᠡᠨ ᠳᠡᠭᠡᠷᠡᠬᠢ ᠵᠠᠷᠢᠮ ᠪᠦᠷᠢᠨ ᠪᠤᠰᠤ ᠪᠦᠷᠢᠳᠭᠡᠯ ᠢ ᠦᠨᠳᠦᠰᠦᠯᠡᠪᠡᠯ ᠰᠦᠯᠵᠢᠶᠡᠨ ᠳᠤ ᠭᠠᠷᠬᠤ ᠰᠤᠷᠤᠭᠴᠢᠳ ᠲᠤᠰ ᠲᠤᠰ ᠂ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠵᠠᠭᠤᠨ ᠤ ᠭᠤᠴᠢ ᠂ ᠠᠩᠬ᠎ᠠ ᠳᠤᠮᠳᠠᠳᠤ ᠶᠢᠨ ᠰᠤᠷᠤᠭᠴᠢ ᠶᠢᠨ ᠵᠠᠭᠤᠨ ᠤ ᠳᠥᠴᠢ ᠂ ᠳᠡᠭᠡᠳᠦ ᠳᠤᠮᠳᠠᠳᠤ ᠶᠢᠨ ᠰᠤᠷᠤᠭᠴᠢ ᠶᠢᠨ ᠵᠠᠭᠤᠨ ᠤ ᠵᠢᠷᠠ ᠳᠤ ᠲᠤᠯᠵᠤ ᠂ ᠰᠦᠯᠵᠢᠶ᠎ᠡ ᠨᠢ ᠬᠡᠦᠬᠡᠳ ᠤᠨ ᠰᠠᠨᠠᠭ᠎ᠠ ᠰᠡᠳᠭᠢᠴᠡ ᠶᠢ ᠶᠡᠬᠡ ᠪᠠᠷ ᠨᠥᠯᠦᠭᠡᠯᠡᠵᠦ ᠪᠠᠢᠨ᠎ᠠ ᠃

 ᠬᠡᠦᠬᠡᠳ ᠤᠨ ᠰᠦᠯᠵᠢᠶ᠎ᠡ ᠶᠢᠨ ᠰᠢᠨᠤᠯ ᠳᠤ ᠨᠡᠷᠪᠡᠭᠳᠡᠵᠦ ᠪᠠᠢᠬᠤ ᠭᠣᠣᠯ ᠰᠢᠯᠲᠠᠭᠠᠨ ᠨᠢ ᠂ ᠲᠡᠳᠡᠨᠡᠷ ᠤᠨ ᠰᠤᠯᠠ ᠴᠠᠭ ᠢᠶᠠᠨ ᠰᠠᠶᠢᠳᠤᠷ ᠲᠣᠬᠢᠷᠠᠭᠤᠯᠵᠤ ᠴᠢᠳᠠᠬᠤ ᠦᠭᠡᠢ ᠡᠴᠡ ᠪᠣᠯᠤᠭᠰᠠᠨ ᠲᠤᠯᠠ ᠬᠡᠦᠬᠡᠳ ᠤᠨ ᠠᠪᠤ ᠡᠵᠢ ᠲᠠᠢ ᠬᠣᠯᠪᠤᠭᠳᠠᠯ ᠲᠠᠢ ᠶᠤᠮ ᠃ ᠡᠵᠢ ᠠᠪᠤ ᠨᠢ ᠬᠡᠦᠬᠡᠳ ᠤᠨ ᠢᠶᠠᠨ ᠰᠤᠯᠠ ᠰᠡᠯᠡᠭᠦᠦ ᠴᠠᠭ ᠲᠤ ᠲᠡᠳᠡᠨ ᠲᠠᠢ ᠬᠠᠮᠲᠤ ᠪᠠᠢᠳᠠᠭ ᠦᠭᠡᠢ ᠡᠴᠡ ᠬᠡᠦᠬᠡᠳ ᠠᠶᠠᠨᠳᠠᠭᠠᠨ ᠲᠤᠦᠷ ᠰᠦᠯᠵᠢᠶ᠎ᠡ ᠲᠠᠢ ᠨᠦᠬᠦᠷᠯᠡᠨ ᠂ 《ᠰᠦᠯᠵᠢᠶ᠎ᠡ ᠶᠢᠨ ᠨᠠᠢᠵᠠ 》ᠪᠣᠯᠳᠠᠭ ᠪᠠᠢᠨ᠎ᠠ ᠃

 ᠬᠡᠦᠬᠡᠳ ᠤᠨ ᠰᠦᠯᠵᠢᠶ᠎ᠡ ᠶᠢᠨ ᠰᠢᠨᠤᠯ ᠳᠤ ᠨᠡᠷᠪᠡᠭᠳᠡᠬᠦ ᠭᠣᠣᠯ ᠰᠢᠯᠲᠠᠭᠠᠨ ᠳᠣᠲᠤᠭᠠᠳᠤ ᠰᠡᠳᠭᠢᠯ ᠡᠴᠡ ᠪᠠᠨ ᠪᠠᠬ᠎ᠠ ᠲᠠᠢ ᠪᠣᠯᠵᠤ ᠂ ᠠᠯᠢᠪᠠ ᠣᠶᠤᠨ ᠰᠠᠨᠠᠭ᠎ᠠ ᠪᠠᠨ ᠰᠦᠯᠵᠢᠶᠡᠨ ᠳᠤ ᠵᠠᠷᠤᠴᠠᠭᠤᠯᠬᠤ ᠃ ᠳᠠᠷᠤᠢ ᠬᠡᠦᠬᠡᠳ ᠲᠤᠦᠷ ᠰᠦᠯᠵᠢᠶᠡᠨ ᠳᠤ ᠰᠢᠨᠤᠬᠠᠢᠷᠠᠵᠤ ᠂ ᠶᠡᠷᠦᠨᠢ ᠲᠡᠳᠡᠨᠡᠷ ᠤᠨ ᠠᠩᠬᠠᠷᠤᠯ ᠂ ᠤᠷᠮ᠎ᠠ ᠪᠠᠬ᠎ᠠ ᠨᠢ ᠰᠦᠯᠵᠢᠶᠡᠨ ᠳᠤ ᠲᠠᠲᠠᠭᠳᠠᠵᠤ ᠪᠠᠢᠳᠠᠭ ᠡᠴᠡ ᠪᠣᠯᠵᠤ ᠂ ᠨᠣᠮ ᠪᠢᠴᠢᠭ᠌ ᠡᠴᠡ ᠠᠯᠭᠤᠷ ᠢᠶᠠᠷ ᠬᠣᠯᠠᠳᠠᠬᠤ ᠂ ᠤᠷᠮ᠎ᠠ ᠮᠠᠭᠤᠳᠠᠬᠤ ᠂ ᠰᠤᠷᠤᠯᠴᠠᠬᠤ ᠢᠳᠡᠪᠬᠢᠵᠢᠯ ᠨᠢ ᠪᠠᠭᠤᠷᠠᠬᠤ ᠃

 ᠬᠠᠢᠷ᠎ᠠ ᠰᠡᠳᠭᠢᠯ ᠨᠢ ᠬᠡᠲᠦᠷᠬᠡᠢ ᠲᠠᠩ ᠴᠤᠯᠭᠤᠢ ᠃ ᠰᠦᠯᠵᠢᠶ᠎ᠡ ᠡᠴᠡ ᠲᠠᠨᠢᠯᠴᠠᠭᠰᠠᠨ ᠨᠠᠢᠵᠠ ᠪᠠᠨ ᠪᠦᠷᠢᠮᠦᠰᠦᠨ ᠢᠲᠡᠭᠡᠬᠦ ᠪᠥᠭᠡᠳ ᠥᠪᠡᠷ ᠤᠨ ᠴᠢᠰᠤᠨ ᠲᠥᠷᠦᠯ ᠤᠨ ᠬᠠᠷᠢᠴᠠᠭ᠎ᠠ ᠲᠠᠢ ᠰᠠᠳᠤᠨ ᠨᠢ ᠬᠠᠷᠢᠨ ᠠᠯᠭᠤᠷ ᠠᠭᠠᠵᠢᠮ ᠢᠶᠠᠷ ᠲᠡᠳᠡᠨ ᠤ ᠰᠦᠯᠵᠢᠶ᠎ᠡ ᠶᠢᠨ ᠨᠠᠢᠵᠠ ᠶᠢ ᠬᠦᠷᠬᠦ ᠦᠭᠡᠢ ᠰᠠᠨᠠᠭᠳᠠᠬᠤ ᠶᠢ ᠳᠠᠭᠠᠯᠳᠤᠨ ᠂ ᠰᠦᠯᠵᠢᠶ᠎ᠡ ᠡᠴᠡ ᠰᠤᠷᠤᠭᠰᠠᠨ ᠵᠦᠢᠯ ᠢᠶᠠᠨ ᠵᠣᠷᠢᠭᠤᠳᠠ ᠪᠠᠷ ᠡᠵᠢ ᠠᠪᠤ ᠡᠴᠡ ᠪᠠᠨ ᠨᠢᠭᠤᠨ ᠳᠠᠯᠳᠠᠯᠠᠵᠤ ᠂ ᠵᠠᠷᠢᠮ ᠳᠠᠭᠠᠨ ᠡᠵᠢ ᠠᠪᠤ ᠲᠠᠢ ᠪᠠᠨ ᠠᠰ ᠲᠤᠯᠤᠨ ᠠᠪᠤᠨ ᠬᠠᠷᠢᠭᠤᠴᠠᠵᠤ ᠂ ᠬᠠᠷᠢᠯᠴᠠᠨ ᠲᠠᠶᠢᠰᠤᠩᠨᠠᠬᠤ ᠦᠵᠡᠭᠳᠡᠯ ᠴᠦ ᠡᠭᠦᠰᠳᠡᠭ ᠃ ᠬᠠᠮᠲᠤ ᠰᠤᠷᠤᠭᠴᠢ ᠶᠢᠨ ᠬᠣᠭᠤᠷᠤᠨᠳᠤᠬᠢ ᠬᠠᠷᠢᠴᠠᠭ᠎ᠠ ᠬᠣᠯᠪᠤᠭ᠎ᠠ ᠢᠪᠴᠤᠤ ᠪᠣᠯᠬᠤ ᠃ ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠬᠡᠦᠬᠡᠳ ᠶᠡᠷᠦᠳᠡᠭᠡᠨ ᠮᠠᠰᠢ ᠠᠷᠪᠢᠨ ᠰᠦᠯᠵᠢᠶ᠎ᠡ ᠶᠢᠨ ᠨᠠᠢᠵᠠ ᠲᠠᠢ ᠪᠣᠯᠵᠤ ᠪᠠᠢᠳᠠᠭ ᠡᠴᠡ ᠰᠦᠯᠵᠢᠶᠡᠨ ᠳᠡᠭᠡᠷ᠎ᠡ ᠤᠷᠳᠤ ᠬᠤᠭᠤᠴᠠᠭ᠎ᠠ ᠪᠠᠷ ᠨᠠᠶᠢᠵᠠᠯᠠᠨ ᠶᠠᠷᠢᠯᠴᠠᠵᠤ ᠪᠠᠢᠳᠠᠭ ᠡᠴᠡ ᠬᠡᠦᠬᠡᠳ ᠤᠨ ᠪᠣᠳᠠᠲᠤ ᠠᠮᠢᠳᠤᠷᠠᠯ ᠳᠠᠬᠢ ᠨᠥᠬᠦᠷᠰᠡᠭ ᠬᠠᠷᠢᠴᠠᠭ᠎ᠠ ᠨᠢ ᠠᠯᠭᠤᠷᠬᠠᠨ ᠢᠶᠠᠷ ᠨᠢᠮᠬᠡᠷᠡᠵᠤ ᠪᠠᠢᠳᠠᠭ ᠡᠴᠡ ᠬᠡᠦᠬᠡᠳ ᠡᠳᠦᠷ ᠤᠨ ᠤᠳᠠᠭᠠᠨ ᠳᠠᠭᠠᠨ ᠣᠷᠴᠢᠨ ᠲᠣᠭᠤᠷᠢᠨ ᠤ ᠬᠥᠮᠦᠰ ᠲᠡᠭᠡᠨ ᠳᠤᠷ᠎ᠠ ᠦᠭᠡᠶᠢᠴᠡᠭᠦ ᠂ ᠢᠯᠡᠳᠭᠡᠬᠦ ᠴᠢᠳᠠᠪᠤᠷᠢ ᠨᠢ ᠳᠣᠷᠤᠭᠰᠢᠯᠠᠬᠤ ᠂ ᠪᠣᠳᠠᠲᠤ ᠠᠮᠢᠳᠤᠷᠠᠯ ᠤᠨ ᠶᠠᠪᠤᠴᠠ ᠳᠤ ᠨᠤᠭᠤᠷᠠᠯ ᠳᠤ ᠤᠴᠠᠷᠠᠬᠤ ᠵᠡᠷᠭᠡ ᠲᠡᠳᠡᠨ ᠤ ᠥᠰᠦᠯᠲᠡ ᠪᠤᠶᠢᠵᠢᠯᠳᠠ ᠳᠤ ᠠᠰᠢᠭ ᠦᠭᠡᠢ ᠪᠠᠢᠳᠠᠯ ᠲᠤᠯᠭᠠᠷᠠᠵᠤ ᠪᠠᠢᠳᠠᠭ ᠃

 ᠤᠷᠮ᠎ᠠ ᠵᠣᠷᠢᠭ ᠨᠢ ᠳᠣᠷᠤᠭᠰᠢᠯᠠᠬᠤ ᠃ ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠬᠡᠦᠬᠡᠳ ᠂ ᠥᠪᠡᠷ ᠤᠨ ᠪᠡᠶ᠎ᠡ ᠪᠠᠨ ᠬᠣᠷᠢᠭᠯᠠᠬᠤ ᠴᠢᠳᠠᠪᠤᠷᠢ ᠦᠭᠡᠢ ᠡᠴᠡ ᠪᠠᠭ᠎ᠠ ᠯᠡ ᠲᠣᠬᠢᠶᠠᠯ ᠣᠯᠳᠠᠪᠠᠯ ᠰᠦᠯᠵᠢᠶᠡᠨ ᠳᠤ ᠭᠠᠷᠴᠤ ᠂ ᠡᠷᠡᠭᠦᠯ ᠪᠤᠰᠤ ᠰᠢᠩᠭᠡᠬᠡᠯᠳᠡ ᠪᠤᠶᠤ ᠨᠣᠮ ᠵᠣᠬᠢᠶᠠᠯ ᠤᠩᠰᠢᠵᠤ ᠂ ᠴᠢᠨᠠᠭᠰᠢᠯᠠᠪᠠᠯ ᠂ ᠬᠤᠦᠷᠳᠤ ᠡᠳ᠋ ᠢ ᠡᠳ᠋ᠯᠡᠵᠦ ᠂ ᠵᠣᠭᠤᠰ ᠲᠠᠢ ᠮᠦᠷᠦ᠋ᠢᠴᠡᠬᠦ ᠮᠡᠲᠦ ᠪᠠᠷ ᠰᠦᠯᠵᠢᠶ᠎ᠡ ᠶᠢᠨ ᠰᠢᠨᠤᠯ ᠳᠤ ᠤᠨᠠᠵᠤ ᠪᠠᠢᠳᠠᠭ ᠲᠤᠯᠠ ᠂ ᠡᠵᠢ ᠠᠪᠤ ᠪᠤᠯᠤᠭᠰᠠᠤᠨ ᠬᠡᠦᠬᠡᠳ ᠤᠨ ᠢᠶᠠᠨ ᠪᠠᠢᠳᠠᠯ ᠳᠤ ᠵᠠᠪᠠᠯ ᠡᠭᠴᠡᠯᠡᠨ ᠬᠠᠨᠳᠤᠬᠤ ᠦᠭᠡᠢ ᠶᠤᠮ ᠪᠣᠯ ᠦᠷ᠎ᠡ ᠳ᠋ᠦᠩ ᠨᠢ ᠨᠡᠩ ᠠᠶᠤᠯᠲᠠᠢ ᠪᠢᠯᠡ ᠃

 ᠭᠡᠷ ᠪᠦᠯᠢ ᠰᠤᠷᠭᠠᠭᠤᠯᠢ ᠨᠡᠢᠭᠡᠮ ᠬᠠᠮᠲᠤᠷᠠᠵᠤ ᠪᠠᠢᠭᠠᠳ ᠵᠦᠢ ᠵᠣᠬᠢᠰᠲᠠᠢ ᠠᠷᠭ᠎ᠠ ᠠᠪᠴᠠᠯ ᠠᠪᠬᠤ ᠬᠡᠷᠡᠭᠲᠡᠢ ᠰᠦᠯᠵᠢᠶᠡᠨ ᠳᠤ ᠰᠢᠨᠤᠯ ᠲᠠᠢ ᠬᠡᠦᠬᠡᠳ ᠤᠨ ᠪᠣᠳᠠᠲᠤ ᠢᠯᠡᠷᠡᠯ ᠨᠢ ᠭᠡᠪᠡᠯ ᠄ ᠣᠶᠤᠨ ᠰᠠᠨᠠᠭᠠᠨ ᠤ ᠰᠦᠭ ᠰᠦᠯᠳᠡ ᠨᠢ ᠪᠠᠭᠤᠷᠠᠬᠤ ᠃ ᠬᠡᠯᠡᠯᠭᠡᠨ ᠦᠭᠡᠢ ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠬᠡᠦᠬᠡᠳ ᠤᠨ ᠡᠵᠢ ᠠᠪᠤ ᠨᠢ ᠲᠤᠢᠯ ᠢᠶᠠᠷ ᠵᠣᠪᠠᠵᠤ ᠂ ᠬᠡᠦᠬᠡᠳ ᠲᠡᠭᠡᠨ ᠢᠲᠡᠭᠡᠯ ᠠᠯᠳᠠᠵᠤ ᠪᠠᠢᠳᠠᠭ ᠃ ᠡᠢᠮᠦ ᠡᠴᠡ ᠵᠠᠷᠢᠮ ᠬᠡᠦᠬᠡᠳ ᠡᠵᠢ ᠠᠪᠤ ᠶᠢᠨ ᠢᠶᠠᠨ ᠪᠡᠶ᠎ᠡ ᠳᠡᠭᠡᠷ᠎ᠡ ᠡᠴᠡ ᠬᠠᠢᠷ᠎ᠠ ᠬᠠᠯᠠᠮᠵᠢ ᠣᠯᠵᠤ ᠬᠦᠷᠲᠡᠬᠦ ᠦᠭᠡᠢ ᠡᠴᠡ ᠪᠣᠯᠵᠤ ᠂ ᠪᠤᠰᠤᠳ ᠲᠤ ᠬᠦᠢᠲᠡᠨ ᠢᠶᠠᠷ ᠬᠠᠨᠳᠤᠵᠤ ᠂ ᠰᠦᠯᠵᠢᠶᠡᠨ ᠳᠡᠭᠡᠷ᠎ᠡ ᠳᠤᠷ᠎ᠠ ᠪᠠᠷ ᠢᠶᠠᠨ ᠬᠠᠷᠢᠶᠠᠨ ᠵᠦᠬᠡᠬᠡᠵᠤ ᠂ ᠴᠢᠨᠠᠭᠰᠢᠯᠠᠪᠠᠯ ᠥᠪᠡᠷ ᠤᠨ ᠨᠡᠷ᠎ᠡ ᠪᠠᠨ ᠪᠤᠷᠤᠭᠤᠯᠠᠵᠤ ᠪᠠᠢᠭᠠᠳ ᠠᠭᠤᠷ ᠣᠮᠤᠭ ᠢᠶᠠᠨ ᠭᠠᠷᠭᠠᠵᠤ ᠂ ᠡᠷᠡᠭᠦᠯ ᠪᠤᠰᠤ ᠶᠠᠷᠢᠶ᠎ᠠ ᠬᠡᠯᠡᠯᠴᠡᠭᠡ ᠨᠡᠶᠢᠳᠡᠯᠡᠵᠤ ᠪᠠᠢᠳᠠᠭ ᠃

 ᠵᠠᠩ ᠠᠪᠤᠷᠢ ᠨᠢ ᠡᠷᠡᠭᠦᠯ ᠪᠤᠰᠤ ᠪᠣᠯᠳᠠᠭ ᠃ ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠬᠡᠦᠬᠡᠳ ᠭᠠᠭᠴᠠᠭᠠᠷᠳᠠᠮᠠᠯ ᠂ ᠮᠤᠵᠢᠭᠤᠳᠠ ᠂ ᠦᠨᠡᠨ ᠢᠶᠠᠨ ᠪᠤᠰᠤᠳ ᠲᠤ ᠬᠡᠯᠡᠬᠦ ᠦᠭᠡᠢ ᠂ ᠪᠤᠰᠤᠳ ᠲᠠᠢ ᠰᠠᠨᠠᠭ᠎ᠠ ᠰᠡᠳᠭᠢᠯ ᠨᠡᠢᠯᠡᠬᠦ ᠦᠭᠡᠢ ᠪᠠᠢᠳᠠᠭ ᠡᠴᠡ ᠪᠣᠯᠵᠤ ᠂ ᠰᠦᠯᠵᠢᠶᠡᠨ ᠳᠤ ᠭᠠᠷᠴᠤ ᠰᠠᠨᠠᠭᠠᠨ ᠤ ᠠᠶ᠎ᠠ ᠪᠠᠷ ᠡᠷᠡᠭᠦᠯ ᠪᠤᠰᠤ ᠪᠦᠲᠦᠭᠡᠯ ᠢ ᠦᠵᠡᠵᠦ ᠪᠠᠢᠳᠠᠭ ᠃

 ᠣᠷᠴᠢᠨ ᠲᠣᠭᠤᠷᠢᠨ ᠤ ᠨᠥᠯᠦᠭᠡᠯᠡᠯ ᠃ ᠰᠦᠯᠵᠢᠶᠡᠨ ᠪᠠᠭᠠᠷ ᠣᠯᠠᠰᠢᠷᠠᠬᠤ ᠶᠢ ᠳᠠᠭᠠᠯᠳᠤᠨ ᠴᠢᠮᠡᠭᠡ ᠵᠠᠩᠭᠢ ᠨᠢᠰᠬᠦ ᠮᠡᠲᠦ ᠲᠦᠷᠭᠡᠨ ᠬᠥᠭᠵᠢᠵᠦ ᠪᠠᠢᠭ᠎ᠠ ᠣᠳᠣᠬᠢ ᠴᠠᠭ ᠡᠷᠡᠨ ᠳᠤ ᠂ ᠡᠳᠡᠭᠡᠷ ᠨᠢᠳᠦ ᠭᠢᠯᠠᠰᠤᠮ᠎ᠠ ᠳᠡᠯᠡᠬᠡᠢ ᠶᠢᠷᠲᠢᠨᠴᠦ ᠶᠢᠨ ᠱᠤᠦᠭᠢᠶᠠᠨ ᠤ ᠳᠤᠮᠳᠠ ᠰᠠᠨᠠᠭᠠᠨ ᠳᠤ ᠦᠭᠡᠢ ᠪᠠᠷ ᠥᠪᠡᠷ ᠤᠨ ᠬᠠᠷᠠᠯᠲᠠ ᠂ ᠵᠣᠷᠢᠯᠭ᠎ᠠ ᠂ ᠴᠢᠭᠯᠡᠯ ᠢᠶᠠᠨ ᠴᠦ ᠠᠯᠳᠠᠳᠠᠭ ᠃

 ᠰᠤᠷᠤᠯᠭ᠎ᠠ ᠶᠢᠨ ᠳᠠᠷᠤᠯᠲᠠ ᠶᠡᠬᠡ ᠃ ᠨᠢᠭᠡᠨ ᠭᠤᠦᠯᠳᠠᠯᠭᠠᠳᠤ ᠳᠡᠭᠡᠳᠦ ᠳᠤᠮᠳᠠᠳᠤ ᠶᠢᠨ ᠰᠤᠷᠤᠭᠴᠢ ᠰᠦᠯᠵᠢᠶ᠎ᠡ ᠶᠢᠨ ᠰᠢᠨᠤᠯ ᠳᠤ ᠣᠷᠤᠭᠰᠠᠨ ᠡᠴᠡ ᠪᠣᠯᠵᠤ ᠂ ᠬᠢᠴᠢᠶᠡᠯ ᠰᠤᠷᠤᠯᠭ᠎ᠠ ᠪᠠᠨ ᠰᠠᠭᠠᠲᠠᠵᠤ ᠪᠠᠢᠳᠠᠭ ᠡᠴᠡ ᠥᠪᠡᠷ ᠤᠨ ᠠᠯᠤᠰ ᠢᠷᠡᠭᠡᠳᠦᠢ ᠳᠡᠭᠡᠨ ᠢᠲᠡᠭᠡᠯ ᠠᠯᠳᠠᠵᠤ ᠡᠮᠴᠢ ᠳᠤ ᠄ 《ᠡᠳᠦᠷᠵᠢᠨ ᠰᠤᠷᠤᠯᠭ᠎ᠠ ᠶᠢᠨ ᠳᠠᠷᠤᠯᠲᠠ ᠂ ᠰᠢᠯᠭᠠᠯᠲᠠ ᠶᠢᠨ ᠬᠤᠪᠢ ᠬᠡᠤᠨ ᠰᠡᠳᠭᠢᠯ ᠰᠠᠨᠠᠭᠠᠨ ᠳᠤ ᠲᠤᠢᠯ ᠤᠨ ᠶᠡᠬᠡ ᠳᠠᠷᠤᠯᠲᠠ ᠲᠠᠢ ᠪᠣᠯᠵᠠᠢ》 ᠭᠡᠪᠡ ᠃

 ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠪᠣᠳᠠᠲᠤ ᠢᠯᠡᠷᠡᠯ ᠳᠤ ᠬᠠᠨᠳᠤᠭᠤᠯᠵᠤ ᠂ ᠲᠤᠦᠷᠠᠬᠢ ᠮᠡᠲᠦ ᠶᠢᠨ ᠠᠷᠭ᠎ᠠ ᠠᠪᠴᠠᠯ ᠠᠪᠴᠤ ᠪᠣᠯᠤᠨ᠎ᠠ ᠄ ᠬᠡᠦᠬᠡᠳ ᠲᠠᠢ ᠢᠯᠡᠭᠦᠦ ᠰᠠᠨᠠᠭ᠎ᠠ ᠰᠡᠳᠭᠢᠯ ᠢᠶᠠᠨ ᠰᠣᠯᠢᠯᠴᠠᠬᠤ ᠬᠡᠷᠡᠭᠲᠡᠢ ᠃ ᠡᠵᠢ ᠠᠪᠤ ᠪᠤᠯᠤᠭᠰᠠᠤᠨ ᠵᠠᠪᠠᠯ ᠢᠯᠡᠭᠦᠦ ᠴᠠᠭ ᠲᠣᠬᠢᠶᠠᠯ ᠭᠠᠷᠭᠠᠵᠤ ᠬᠡᠦᠬᠡᠳ ᠲᠠᠢ ᠪᠠᠨ ᠤᠶᠢᠷᠠᠳᠤᠵᠤ ᠂ ᠲᠡᠳᠡᠨ ᠤ ᠤᠷᠮ᠎ᠠ ᠪᠠᠬ᠎ᠠ ᠂ ᠬᠦᠰᠡᠯᠡᠩ ᠂ ᠢᠷᠡᠭᠡᠳᠦᠢ ᠶᠢᠨ ᠲᠤᠬᠠᠢ ᠢᠯᠡᠭᠦᠦ ᠪᠣᠳᠤᠯᠭᠠᠰᠢᠷᠠᠵᠤ ᠂ ᠲᠤᠷᠰᠢᠯᠭ᠎ᠠ ᠰᠤᠷᠭᠠᠮᠵᠢ ᠪᠠᠨ ᠲᠠᠰᠤᠷᠠᠯᠲᠠ ᠦᠭᠡᠢ ᠰᠣᠯᠢᠯᠴᠠᠬᠤ ᠬᠡᠷᠡᠭᠲᠡᠢ ᠃ ᠭᠠᠷᠠᠭ ᠤᠨ ᠰᠡᠭᠦᠯ ᠳᠤ ᠬᠡᠦᠬᠡᠳ ᠲᠠᠢ ᠪᠠᠨ ᠬᠠᠮᠲᠤ ᠤᠳᠭ᠎ᠠ ᠠᠭᠤᠯᠭ᠎ᠠ ᠲᠠᠢ ᠪᠡᠶ᠎ᠡ ᠲᠠᠮᠢᠷ ᠂ ᠤᠳᠭ᠎ᠠ ᠤᠷᠠᠯᠢᠭ ᠂ ᠤᠷᠠᠨ ᠰᠠᠶᠢᠬᠠᠨ ᠤ ᠬᠥᠳᠡᠯᠭᠡᠭᠡᠨ ᠳᠤ ᠣᠷᠤᠯᠴᠠᠪᠠᠯ ᠬᠡᠦᠬᠡᠳ ᠤᠳᠠᠭᠠᠨ ᠳᠠᠭᠠᠨ ᠡᠵᠢ ᠠᠪᠤ ᠪᠠᠨ ᠣᠢᠯᠠᠭᠠᠵᠤ ᠂ ᠠᠯᠭᠤᠷ ᠢᠶᠠᠷ ᠲᠤᠦᠷ ᠰᠦᠯᠵᠢᠶ᠎ᠡ ᠶᠢᠨ ᠨᠠᠵᠠᠭᠠᠢ ᠵᠦᠢᠯ ᠳᠤ ᠨᠡᠷᠪᠡᠭᠳᠡᠬᠦ ᠦᠭᠡᠢ ᠮᠥᠷᠲᠡᠭᠡᠨ ᠂ ᠰᠦᠯᠵᠢᠶ᠎ᠡ ᠶᠢᠨ ᠰᠠᠶᠢᠨ ᠰᠠᠶᠢᠬᠠᠨ ᠳᠠᠪᠠᠭᠤᠯᠢᠭ ᠲᠠᠯ᠎ᠠ ᠶᠢ ᠠᠰᠢᠭᠯᠠᠵᠤ ᠮᠡᠳᠡᠬᠦ ᠶᠤᠮ ᠃

 ᠠᠩᠬᠠᠷᠤᠯ ᠢ ᠨᠢ ᠰᠢᠯᠵᠢᠭᠦᠯᠬᠦ ᠬᠡᠷᠡᠭᠲᠡᠢ ᠃ ᠬᠡᠦᠬᠡᠳ ᠤᠨ ᠢᠶᠠᠨ ᠬᠤᠷᠴᠠ ᠰᠡᠷᠭᠡᠭ ᠂ ᠬᠠᠴᠢᠨ ᠰᠣᠨᠢᠷᠬᠠᠬᠤ ᠵᠠᠩ ᠳᠠᠳᠭᠠᠯ ᠪᠤᠶᠤ ᠣᠨᠴᠠᠭᠠᠢ ᠤᠷᠠᠨ ᠮᠡᠷᠭᠡᠵᠢᠯ ᠢ ᠨᠢ ᠠᠰᠢᠭᠯᠠᠨ ᠂ ᠬᠢᠴᠢᠶᠡᠯ ᠤᠨ ᠨᠣᠮ ᠲᠠᠢ ᠨᠢ ᠤᠶᠠᠯᠳᠤᠭᠤᠯᠵᠤ ᠭᠠᠷ ᠤᠷᠠᠯᠠᠯ ᠂ ᠵᠣᠬᠢᠶᠠᠨ ᠪᠦᠲᠦᠭᠡᠬᠦ ᠂ ᠰᠢᠨᠵᠢᠯᠡᠬᠦ ᠤᠬᠠᠭᠠᠨ ᠤ ᠪᠠᠭ᠎ᠠ ᠪᠦᠲᠦᠭᠡᠯᠲᠡ ᠬᠢᠬᠦ ᠪᠠᠷ ᠳᠠᠮᠵᠢᠨ ᠰᠤᠷᠤᠯᠭ᠎ᠠ ᠂ ᠤᠷᠠᠨ ᠮᠡᠷᠭᠡᠵᠢᠯ ᠤᠨ ᠤᠷᠮ᠎ᠠ ᠪᠠᠬ᠎ᠠ ᠶᠢ ᠨᠢ ᠳᠡᠭᠡᠭᠰᠢᠯᠡᠭᠦᠯᠬᠦ ᠬᠡᠷᠡᠭᠲᠡᠢ ᠃

 ᠵᠣᠬᠢᠬᠤ ᠬᠡᠮᠵᠢᠶᠡᠨ ᠤ ᠰᠡᠳᠭᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠢᠬᠦ ᠃ ᠬᠡᠦᠬᠡᠳ ᠤᠨ ᠰᠤᠨᠢᠭᠤᠴᠠ ᠠᠷᠠᠨᠰᠢᠨ ᠡᠴᠡ ᠪᠣᠯᠵᠤ ᠂ ᠡᠷᠡᠭᠦᠯ ᠪᠤᠰᠤ ᠳᠦᠷᠰᠦ ᠰᠢᠩᠭᠡᠭᠡᠯᠲᠡ ᠦᠵᠡᠬᠦ ᠨᠢ ᠡᠩ ᠤᠨ ᠶᠠᠪᠤᠳᠠᠯ ᠪᠣᠯᠬᠤ ᠪᠣᠯᠪᠠᠴᠤ ᠂ ᠲᠡᠭᠦᠨ ᠤ ᠪᠠᠭ᠎ᠠ ᠨᠠᠰᠤᠨ ᠤ ᠬᠡᠦᠬᠡᠳ ᠲᠤ ᠣᠯᠭᠤᠬᠤ ᠬᠣᠣᠷ ᠬᠥᠨᠦᠭᠡᠯ ᠢ ᠵᠢᠭᠠᠨ ᠵᠢᠯᠤᠭᠤᠳᠴᠤ ᠂ ᠡᠭᠦᠨ ᠤ ᠤᠯᠠᠮ ᠡᠴᠡ ᠪᠡᠶ᠎ᠡ ᠰᠡᠳᠭᠢᠯ ᠳᠤ ᠠᠰᠢᠭᠲᠠᠢ ᠂ ᠡᠷᠡᠭᠦᠯ ᠰᠠᠷᠠᠭᠤᠯ ᠡᠷᠳᠡᠮ ᠮᠡᠳᠡᠯᠭᠡ ᠶᠢ ᠰᠣᠨᠢᠷᠬᠠᠬᠤ ᠵᠠᠩ ᠳᠠᠳᠭᠠᠯ ᠢ ᠬᠥᠮᠦᠵᠢᠭᠦᠯᠬᠦ ᠬᠡᠷᠡᠭᠲᠡᠢ ᠃

 ᠦᠢᠯᠡ ᠬᠥᠳᠡᠯᠭᠡᠭᠡᠨ ᠤ ᠲᠠᠯ᠎ᠠ ᠪᠠᠷ ᠵᠢᠭᠠᠨ ᠵᠢᠯᠤᠭᠤᠳᠬᠤ ᠬᠡᠷᠡᠭᠲᠡᠢ ᠃ ᠨᠢᠭᠡᠨᠲᠡ ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠬᠡᠦᠬᠡᠳ ᠢ ᠨᠢᠭᠡ ᠯᠡ ᠳᠣᠣᠷ᠎ᠠ ᠲᠠᠰᠤ ᠵᠣᠭᠰᠤᠭᠠᠬᠤ ᠪᠠᠷ ᠤᠷᠤᠯᠳᠤᠵᠤ ᠪᠣᠯᠬᠤ ᠦᠭᠡᠢ ᠂ ᠨᠡᠩ ᠳᠤᠷ᠎ᠠ ᠪᠠᠷ ᠬᠢᠵᠠᠭᠠᠷᠯᠠᠬᠤ ᠦᠭᠡᠢ ᠪᠠᠢᠵᠤ ᠪᠣᠯᠬᠤ ᠦᠭᠡᠢ ᠃ ᠬᠠᠮᠤᠭ ᠰᠠᠶᠢᠨ ᠨᠢ ᠬᠡᠦᠬᠡᠳ ᠲᠠᠢ ᠪᠠᠨ ᠲᠡᠭᠦᠨ ᠤ ᠰᠦᠯᠵᠢᠶᠡᠨ ᠳᠤ ᠭᠠᠷᠬᠤ ᠴᠠᠭ ᠬᠤᠭᠤᠴᠠᠭ᠎ᠠ ᠬᠢᠭᠡᠳ ᠭᠠᠷᠬᠤ ᠲᠣᠭ᠎ᠠ ᠬᠡᠮᠵᠢᠶ᠎ᠡ ᠶᠢ ᠬᠢᠵᠠᠭᠠᠷᠯᠠᠬᠤ ᠪᠠᠷᠢᠮᠲᠠ ᠲᠣᠭᠲᠠᠭᠠᠵᠤ ᠂ ᠬᠡᠦᠬᠡᠳ ᠢᠶᠠᠨ ᠠᠯᠭᠤᠷ ᠠᠭᠠᠵᠢᠮ ᠢᠶᠠᠷ ᠰᠦᠯᠵᠢᠶ᠎ᠡ ᠡᠴᠡ ᠰᠠᠯᠭᠠᠵᠤ ᠂ ᠬᠢᠴᠢᠶᠡᠯ ᠤᠨ ᠭᠠᠳᠠᠨᠠᠬᠢ ᠰᠤᠷᠤᠯᠴᠠᠯᠭ᠎ᠠ ᠶᠢ ᠨᠢ ᠴᠢᠩᠭᠠᠷᠠᠭᠤᠯᠤᠨ᠎ᠠ ᠃ ᠡᠵᠢ ᠠᠪᠤ ᠪᠤᠯᠤᠭᠰᠠᠤᠨ ᠪᠠᠰᠠ ᠵᠦᠢ ᠵᠣᠬᠢᠰᠲᠠᠢ ᠬᠥᠬᠢᠭᠦᠯᠦᠯ ᠪᠤᠶᠤ ᠲᠣᠷᠭᠠᠭᠤᠯᠢ ᠶᠢᠨ ᠲᠦᠷᠢᠮ ᠲᠣᠭᠲᠠᠭᠠᠨ ᠥᠭᠪᠡᠯ ᠬᠡᠦᠬᠡᠳ ᠠᠶᠠᠨᠳᠠᠭᠠᠨ ᠰᠦᠯᠵᠢᠶ᠎ᠡ ᠶᠢᠨ ᠰᠢᠨᠤᠯ ᠡᠴᠡ ᠮᠤᠯᠲᠤᠷᠠᠵᠤ ᠴᠢᠳᠠᠬᠤ ᠶᠤᠮ ᠃

 ᠴᠠᠭ ᠲᠣᠬᠢᠶᠠᠯ ᠢ ᠠᠮᠵᠢᠨ ᠠᠪᠤᠷᠠᠯᠲᠠ ᠬᠢᠬᠦ ᠬᠡᠷᠡᠭᠲᠡᠢ ᠃ ᠵᠠᠷᠢᠮ ᠡᠷᠳᠡᠮᠲᠡᠨ ᠤ ᠬᠡᠯᠡᠭᠰᠡᠨ ᠢᠶᠠᠷ ᠄ ᠬᠡᠷᠪᠡ ᠬᠡᠦᠬᠡᠳ ᠴᠢᠨᠢ ᠰᠦᠯᠵᠢᠶ᠎ᠡ ᠶᠢᠨ ᠰᠢᠨᠤᠯ ᠳᠤ ᠨᠡᠷᠪᠡᠭᠳᠡᠭᠰᠡᠨ ᠪᠠᠢᠪᠠᠯ ᠂ ᠡᠵᠢ ᠠᠪᠤ ᠪᠤᠯᠤᠭᠰᠠᠤᠨ ᠴᠠᠭ ᠢ ᠠᠮᠵᠢᠨ ᠡᠷᠡᠭᠦᠯ ᠮᠡᠨᠳᠦ ᠶᠢᠨ ᠲᠤᠰᠭᠠᠢ ᠡᠷᠳᠡᠮᠲᠡᠨ ᠤᠷᠢᠵᠤ ᠂ ᠬᠡᠦᠬᠡᠳ ᠤᠨ ᠢᠶᠠᠨ ᠪᠠᠢᠳᠠᠯ ᠳᠤ ᠵᠣᠬᠢᠴᠠᠭᠤᠯᠤᠨ ᠰᠠᠨᠠᠭ᠎ᠠ ᠰᠡᠳᠭᠢᠴᠡ ᠶᠢ ᠨᠢ ᠲᠣᠬᠢᠷᠠᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠥᠪᠦᠷ ᠮᠣᠩᠭᠤᠯ ᠥᠨᠳᠥᠰᠥᠲᠡᠨ ᠦ ᠰᠤᠷᠭᠠᠨ ᠬᠥᠮᠦᠵᠢᠯ ᠦᠨ ᠰᠦᠯᠵᠢᠶ᠎ᠡ ᠬᠡᠪᠯᠡᠯ ᠦᠨ ᠡᠷᠬᠡ ᠲᠡᠢ ᠃ ᠥᠪᠦᠷ ᠮᠣᠩᠭᠤᠯ ᠤᠨ ᠳᠡᠯᠡᠬᠡᠢ ᠮᠡᠳᠡᠭᠡ ᠵᠠᠩᠭᠢ ᠮᠡᠷᠭᠡᠵᠢᠯ ᠦᠨ ᠬᠢᠵᠠᠭᠠᠷᠲᠤ ᠺᠣᠮᠫᠠᠨᠢ ᠮᠡᠷᠭᠡᠵᠢᠯ ᠬᠠᠩᠭᠠᠪᠠ ᠃